蒙古文网站Logo
ᠰᠢᠨᠬᠤᠸᠠ ᠮᠤᠩᠭ᠋ᠤᠯ ᠨᠧᠲ

《 ᠳᠤᠮᠳᠠᠳᠤ ᠤᠯᠤᠰ ᠤᠨ ᠡᠪᠡᠰᠦᠨ ᠤ ᠨᠡᠶᠢᠰᠯᠡᠯ》ᠴᠢᠨᠠᠷᠯᠢᠭ ᠪᠡᠯᠴᠢᠭᠡᠷ ᠤᠨ ᠲᠠᠷᠢᠬᠤ ᠲᠠᠯᠠᠪᠠᠢ 107 ᠲᠦᠮᠡᠨ ᠮᠦ ᠳᠤ ᠬᠦᠷᠪᠠ

2017-05-10 16:47

    5 ᠰᠠᠷ᠎ᠠ ᠶᠢᠨ 8 ᠤ ᠡᠳᠦᠷ᠂ ᠤᠯᠠᠭᠠᠨᠬᠠᠲᠠ ᠶᠢᠨ ᠠᠷᠤ ᠬᠤᠷᠴᠢᠨ ᠬᠤᠰᠢᠭᠤᠨ ᠤ ᠱᠤᠤᠭᠢᠨ ᠪᠠᠯᠭᠠᠰᠤᠨ ᠤ ᠤᠨᠠᠭ᠎ᠠ ᠭᠠᠴᠠᠭᠠᠨ ᠳᠡᠬᠢ ᠴᠢᠤ ᠱᠢ ᠡᠪᠡᠰᠦᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠪᠦᠰᠨ ᠳᠤ ᠶᠠᠭ ᠤᠳᠤ ᠴᠠᠷᠭᠠᠰᠤ ᠪᠤᠭᠤᠨ ᠶᠠᠭᠠᠷᠠᠯᠳᠤᠵᠤ ᠪᠠᠶᠢᠨ᠎ᠠ᠃ ᠰᠡᠭᠦᠯ ᠤᠨ ᠵᠢᠯ ᠤᠳ ᠲᠤ᠂ ᠠᠷᠤ ᠬᠤᠷᠴᠢᠨ ᠬᠤᠰᠢᠭᠤ ᠴᠢᠨᠠᠷᠯᠢᠭ ᠪᠡᠯᠴᠢᠭᠡᠷ ᠤᠨ ᠦᠢᠯᠡᠰ ᠶᠢ ᠡᠯᠡᠰᠤᠷᠬᠡᠭ᠍ᠵᠢᠯᠲᠠ᠂ ᠪᠡᠯᠴᠢᠭᠡᠷ ᠤᠨ ᠮᠠᠭᠤᠵᠢᠷᠠᠯᠲᠠ ᠶᠢ ᠵᠠᠰᠠᠬᠤ ᠪᠤᠯᠤᠨ ᠮᠠᠯᠴᠢᠨ ᠲᠠᠷᠢᠶᠠᠴᠢᠳ ᠤᠨ ᠶᠠᠳᠠᠭᠤ ᠡᠴᠡ ᠰᠠᠯᠭᠠᠨ ᠪᠠᠶᠠᠵᠢᠭᠤᠯᠬᠤ ᠶᠢ ᠬᠠᠮᠲᠤᠪᠠᠷ ᠬᠦᠭ᠍ᠵᠢᠭᠦᠯᠦᠨ ᠢᠳᠡᠪᠬᠢᠲᠠᠢ ᠤᠶᠠᠯᠳᠤᠭᠤᠯᠵᠠᠢ᠃ ᠤᠳᠤᠬᠠᠨ ᠪᠤᠯᠲᠠᠯ᠎ᠠ᠂ ᠲᠤᠰ ᠬᠤᠰᠢᠭᠤᠨ ᠤ ᠴᠢᠨᠠᠷᠯᠢᠬ ᠪᠡᠯᠴᠢᠭᠡᠷ ᠤᠨ ᠲᠦᠯᠦᠪᠯᠡᠭᠡᠲᠤ ᠲᠠᠷᠢᠮᠠᠯ ᠤᠨ ᠲᠠᠯᠠᠪᠠᠢ 107 ᠲᠦᠮᠡᠨ ᠮᠦ ᠳᠤ ᠬᠦᠷᠪᠠ᠃ 2016 ᠤᠨ ᠳᠤ ᠲᠤᠰ ᠬᠤᠰᠢᠭᠤᠨ ᠤ ᠪᠡᠯᠴᠢᠭᠡᠷ ᠤᠨ ᠤᠨᠠᠯᠲᠠ 62 ᠲᠦᠮᠡᠨ ᠲᠤᠨ ᠳᠤ ᠬᠦᠷᠴᠤ᠂ ᠦᠢᠯᠡᠳᠬᠦᠨ ᠤ ᠦᠷᠲᠡᠭ 10.9 ᠳ᠋ᠦᠩᠰᠢᠭᠤᠷ ᠲᠦᠬᠦᠷᠢᠭ᠌ ᠲᠤ ᠬᠦᠷᠤᠭ᠍ᠰᠡᠨ ᠪᠠᠶᠢᠨ᠎ᠠ᠃ ( ᠵᠢᠷᠤᠭ ᠢ ᠰᠤᠷᠪᠤᠯᠵᠢᠯᠠᠭᠴᠢ ᠵᠢᠨ ᠴᠢᠤᠸᠠᠨ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120950710