蒙古文网站Logo
ᠰᠢᠨᠬᠤᠸᠠ ᠮᠤᠩᠭ᠋ᠤᠯ ᠨᠧᠲ

4 ᠰᠠᠷ᠎ ᠠ ᠳᠤ ᠦᠪᠦᠷ ᠮᠣᠩᠭᠣᠯ ᠤᠨ ᠢᠳᠡᠭᠡᠨ ᠤ ᠦᠨ᠎ᠠ ᠨᠡᠯᠢᠶᠡᠳ ᠪᠠᠭᠤᠷᠠᠪᠠ

2017-05-10 16:47

    4 ᠰᠠᠷ᠎ᠠ ᠳᠤ᠂ ᠦᠪᠦᠷ ᠮᠣᠩᠭᠣᠯ ᠤᠨ ᠢᠳᠡᠭᠡᠨ ᠤ ᠦᠨ᠎ᠠ ᠨᠡᠯᠢᠶᠡᠳ ᠪᠠᠭᠤᠷᠠᠪᠠ᠃ ᠤᠷᠤᠨ ᠳᠠᠶᠠᠭᠠᠷ ᠡᠴᠡ ᠪᠠᠶᠢᠴᠠᠭᠠᠭᠰᠠᠨ 5 ᠶᠡᠬᠡ ᠲᠦᠷᠦᠯ ᠤᠨ 31 ᠢᠳᠡᠭᠡᠨ ᠤ ᠵᠦᠢᠯ ᠳᠤ᠂ 23 ᠲᠦᠷᠦᠯ ᠤᠨ ᠬᠢᠨᠢ ᠦᠨ᠎ᠠ ᠪᠠᠭᠤᠷᠠᠵᠤ᠂ 5 ᠲᠦᠷᠦᠯ ᠤᠨ ᠬᠢᠨᠢ ᠦᠨ᠎ᠠ ᠦᠰᠪᠡ᠂ 3 ᠲᠦᠷᠦᠯ ᠤᠨ ᠬᠢᠨᠢ ᠦᠨ᠎ᠠ ᠬᠤᠪᠢᠷᠠᠯᠲᠠ ᠦᠭᠡᠢ᠃ ᠡᠭᠦᠨ ᠳᠤ᠂ ᠭᠠᠬᠠᠢ ᠶᠢᠨ ᠮᠢᠬ᠎ᠠ᠂ ᠦᠭᠡᠷ ᠤᠨ ᠮᠢᠬ᠎ᠠ᠂ ᠲᠠᠬᠢᠶᠠᠨ ᠤ ᠮᠢᠬ᠎ᠠ᠂ ᠬᠠᠶᠢᠷᠴᠠᠭ ᠲᠠᠢ ᠰᠦ᠋᠂ ᠨᠤᠭᠤᠭᠠᠨ ᠤ ᠦᠨ᠎ᠠ ᠪᠠᠭᠤᠷᠠᠵᠤ᠂ ᠳ᠋ᠸᠤᠹᠦ᠋᠂ ᠲᠡᠬᠢᠶᠡᠨ ᠤ ᠦᠨᠳᠡᠭᠡ ᠶᠢᠨ ᠦᠨ᠎ᠠ ᠦᠰᠦᠨ᠂ ᠢᠳᠡᠭᠡᠨ ᠤ ᠲᠤᠰᠤ᠂ ᠳᠠᠯᠠᠢ ᠶᠢᠨ ᠭᠠᠷᠤᠯᠲᠠ ᠶᠢᠨ ᠦᠨ᠎ᠠ ᠲᠤᠭᠲᠠᠭᠤᠨ ᠦᠰᠪᠡ᠃ ᠤᠭᠤᠲᠠ ᠲᠠᠢ ᠰᠦᠨ ᠤ ᠦᠨ᠎ᠠ ᠬᠤᠪᠢᠷᠠᠯᠲᠠ ᠦᠭᠡᠢ᠃ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠰᠢᠯᠢᠮᠳᠡᠭ ᠤᠨ ᠲᠤᠰᠤ᠂ ᠦᠬᠡᠷ ᠤᠨ ᠮᠢᠬ᠎ᠠ ᠂ ᠬᠤᠨᠢᠨ ᠤ ᠮᠢᠬ᠎ᠠ᠂ ᠳᠠᠯᠠᠢ ᠶᠢᠨ ᠭᠠᠷᠤᠯᠲᠠ᠂ ᠬᠠᠶᠢᠷᠴᠠᠭ ᠲᠠᠢ ᠰᠦᠨ ᠤ ᠦᠨ᠎ᠠ ᠦᠰᠴᠠᠢ᠂ ᠪᠤᠰᠤᠳ ᠨᠢ ᠠᠳᠠᠯᠢ ᠪᠤᠰᠤ ᠬᠡᠮᠵᠢᠶᠠᠨ ᠳᠤ ᠪᠠᠭᠤᠷᠠᠪᠠ᠃

    4 ᠰᠠᠷ᠎ᠠ ᠳᠤ᠂ ᠤᠷᠤᠨ ᠳᠠᠶᠠᠭᠠᠷ ᠤᠨ ᠨᠤᠭᠤᠭ᠎ᠠ ᠶᠢᠨ ᠶᠡᠷᠦᠩᠬᠡᠶᠢᠯᠡᠭᠰᠡᠨ ᠳᠤᠮᠳᠠᠴᠢ ᠵᠢᠵᠢᠭ᠍ᠯᠡᠨ ᠪᠤᠷᠤᠯᠠᠭᠤᠯᠬᠤ ᠦᠨ᠎ᠠ 500 ᠭᠷᠠᠮ ᠪᠦᠷᠢ ᠳᠤ ᠪᠡᠨ 2.86 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 13.60% ᠢᠶᠡᠷ ᠪᠠᠭᠤᠷᠠᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ 15 ᠨᠤᠭᠤᠭ᠎ᠠ ᠶᠢᠨ ᠲᠦᠷᠦᠯ ᠤᠨ ᠶᠡᠷᠦᠩᠬᠡᠶᠢᠯᠡᠭᠰᠡᠨ ᠳᠤᠮᠳᠠᠴᠢ ᠦᠨ᠎ᠠ 11.46% ᠪᠡᠷ ᠪᠠᠭᠤᠷᠠᠭᠰᠠᠨ ᠪᠠᠶᠢᠨ᠎ᠠ᠃ 2017 ᠤᠨ ᠤ 1 ᠰᠠᠷ᠎ᠠ ᠶᠢᠨ ᠰᠡᠭᠦᠯᠴᠢ ᠡᠴᠡ 4 ᠰᠠᠷ᠎᠎ᠠ ᠶᠢᠨ ᠰᠡᠭᠦᠯᠴᠢ ᠪᠤᠯᠲᠠᠯ᠎ᠠ᠂ ᠨᠤᠭᠤᠭ᠎ᠠ ᠶᠢᠨ ᠳᠤᠮᠳᠠᠴᠢ ᠪᠠᠭᠤᠷᠠᠭᠰᠠᠨ ᠦᠨ᠎ᠠ ᠶᠢᠨ ᠨᠡᠶᠢᠯᠡᠪᠦᠷᠢ ᠨᠢ 34.31% ᠪᠤᠯᠪᠠ᠃ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠲᠤᠨ᠂ ᠨᠤᠭᠤᠭ᠎ᠠ ᠶᠢᠨ ᠦᠢᠯᠡᠳᠪᠦᠷᠢᠯᠡᠯ ᠪᠠ ᠬᠠᠩᠭ᠋ᠠᠯᠭ᠎ᠠ ᠶᠢᠨ ᠬᠡᠮᠵᠢᠶ᠎ᠠ ᠠᠭᠠᠵᠢᠮ ᠢᠶᠡᠷ ᠨᠡᠮᠡᠭᠳᠡᠵᠤ᠂ ᠨᠤᠭᠤᠭ᠎ᠠ ᠶᠢᠨ ᠦᠨ᠎ᠠ ᠤᠯᠠᠷᠢᠯ ᠤᠨ ᠴᠢᠨᠠᠷᠲᠠᠢ ᠪᠠᠭᠤᠷᠠᠬᠤ ᠬᠠᠨᠳᠤᠰᠢ ᠲᠠᠢ᠂ ᠶᠡᠷᠦᠩᠬᠡᠢ ᠳᠤ ᠪᠡᠨ ᠨᠢᠳᠤᠨᠤᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠡᠴᠡ ᠲᠤᠤᠷ᠎ᠠ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120950736