蒙古文网站Logo
ᠰᠢᠨᠬᠤᠸᠠ ᠮᠤᠩᠭ᠋ᠤᠯ ᠨᠧᠲ

4 ᠰᠠᠷ᠎ᠠ ᠶᠢᠨ CPI ᠪᠤᠯᠤᠨ PPI ᠴᠦᠮ ᠦᠰᠴᠠᠢ

2017-05-11 10:18

    2017 ᠤᠨ ᠤ 4 ᠰᠠᠷ᠎ᠠ ᠳᠦ᠂ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠬᠡᠨ ᠤ ᠦᠨ᠎ᠡ ᠶᠢᠨ ᠶᠡᠷᠦᠩᠬᠡᠢ ᠬᠢᠷᠢ ᠲᠦᠪᠰᠢᠨ ᠦᠩᠭᠡᠷᠡᠭᠰᠡᠠ ᠤᠨ ᠤ ᠮᠦᠨ ᠦᠶ᠎᠎ᠡ ᠡᠴᠡ 1.2% ᠢ᠋ᠶᠡᠷ ᠦᠰᠴᠠᠢ᠃ ᠡᠭᠦᠨ ᠳᠦ᠂ ᠬᠤᠲᠠ ᠳᠦ 1.3% ᠪᠡᠷ᠂ ᠬᠦᠳᠡᠭᠡ ᠲᠤᠰᠬᠤᠨ ᠳᠦ 0.8% ᠪᠡᠷ ᠦᠰᠪᠡ᠃ ᠢᠳᠡᠭᠡᠨ ᠤ ᠵᠦᠢᠯ ᠤᠨ ᠦᠨ᠎ᠡ 3.5% ᠪᠡᠷ ᠪᠠᠭᠤᠷᠠᠵᠦ᠂ ᠢᠳᠡᠭᠡᠨ ᠤ ᠪᠤᠰᠤ ᠵᠦᠢᠯ ᠤᠨ ᠦᠨ᠎ᠡ 2.4% ᠪᠡᠷ ᠦᠰᠴᠠᠢ᠃ ᠬᠡᠷᠡᠭᠯᠡᠭᠡᠨ ᠤ ᠵᠦᠢᠯ ᠤᠨ ᠦᠨ᠎ᠡ 0.2% ᠢ᠋ᠶᠡᠷ᠂ ᠦᠢᠯᠡᠴᠢᠯᠡᠭᠡᠨ ᠤ ᠦᠨ᠎ᠡ 2.9% ᠪᠡᠷ ᠦᠰᠦᠭᠰᠡᠨ ᠪᠠᠶᠢᠨ᠎ᠠ᠃ 1- 4 ᠰᠠᠷ᠎ᠠ ᠳᠦ᠂ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠡ ᠶᠢᠨ ᠶᠡᠷᠦᠩᠬᠡᠢ ᠬᠢᠷᠢ ᠲᠦᠪᠰᠢᠨ ᠦᠩᠭᠡᠷᠡᠭᠰᠡᠨ ᠤᠨ ᠤ ᠮᠦᠨ ᠦᠶ᠎ᠡ ᠡᠴᠡ ᠲᠡᠭᠰᠢᠳᠬᠡᠭᠡᠳ 1.4% ᠪᠡᠷ ᠦᠰᠦᠭᠰᠡᠨ ᠪᠠᠶᠢᠨ᠎ᠠ᠃

    4 ᠰᠠᠷ᠎ᠠ ᠳᠦ᠂ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠡ ᠶᠢᠨ ᠶᠡᠷᠦᠩᠬᠡᠢ ᠬᠢᠷᠢ ᠲᠦᠪᠰᠢᠨ ᠦᠩᠭᠡᠷᠡᠭᠰᠡᠨ ᠡᠭᠡᠯᠵᠢ ᠡᠴᠡ 0.1% ᠪᠡᠷ ᠦᠰᠴᠠᠢ᠃ ᠡᠭᠦᠨ ᠳᠦ᠂ ᠬᠤᠲᠠ ᠳᠦ 0.1% ᠪᠡᠷ ᠦᠰᠦᠭᠰᠡᠨ ᠪᠤᠯ ᠬᠦᠳᠡᠭᠡ ᠲᠤᠰᠬᠤᠨ ᠳᠦ ᠦᠩᠭᠡᠷᠡᠭᠰᠡᠨ ᠡᠭᠡᠯᠵᠢ ᠲᠠᠢ ᠪᠠᠨ ᠠᠳᠠᠯᠢ ᠪᠠᠶᠢᠨ᠎ᠠ᠃ ᠢᠳᠡᠭᠡᠨ ᠤ ᠵᠦᠢᠯ ᠤᠨ ᠦᠨ᠎ᠡ 0.6% ᠪᠡᠷ ᠪᠠᠭᠤᠷᠠᠵᠦ᠂ ᠢᠳᠡᠭᠡᠨ ᠤ ᠪᠤᠰᠤ ᠵᠦᠢᠯ ᠤᠨ ᠦᠨ᠎ᠡ 0.2% ᠢ᠋ᠶᠡᠷ ᠦᠰᠴᠠᠢ᠃ ᠬᠡᠷᠡᠭᠯᠡᠭᠡᠨ ᠤ ᠵᠦᠢᠯ ᠤᠨ ᠦᠨ᠎ᠡ 0.1% ᠪᠡᠷ ᠪᠠᠭᠤᠷᠠᠵᠦ᠂ ᠦᠢᠯᠡᠴᠢᠯᠡᠭᠡᠨ ᠤ ᠦᠨ᠎ᠡ 0.4% ᠪᠡᠷ ᠦᠰᠴᠠᠢ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠡ ᠶᠢᠨ ᠦᠰᠦᠯᠲᠡ ᠪᠠᠭᠤᠷᠠᠯᠲᠠ ᠶᠢᠨ ᠬᠡᠮᠵᠢᠶ᠎ᠡ

4 ᠰᠠᠷ᠎ᠠ ᠶᠢᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠡ ᠶᠢᠨ ᠲᠦᠷᠦᠯ ᠵᠦᠢᠯ ᠤᠨ ᠦᠩᠭᠡᠷᠡᠭᠰᠡᠨ ᠤᠨ ᠤ ᠮᠦᠨ ᠦᠶ᠎ᠡ ᠶᠢᠨ ᠦᠰᠦᠯᠲᠡ ᠪᠠᠭᠤᠷᠠᠯᠲᠠ ᠶᠢᠨ ᠬᠡᠮᠵᠢᠶ᠎ᠡ

4 ᠰᠠᠷ᠎ᠠ ᠶᠢᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠡ ᠶᠢᠨ ᠲᠦᠷᠦᠯ ᠵᠦᠢᠯ ᠤᠨ ᠦᠩᠭᠡᠷᠡᠭᠰᠡᠨ ᠡᠭᠡᠯᠵᠢ ᠶᠢᠨ ᠦᠰᠦᠯᠲᠡ ᠪᠠᠭᠤᠷᠠᠯᠲᠠ ᠶᠢᠨ ᠬᠡᠮᠵᠢᠶ᠎ᠡ

2017 ᠤᠨ ᠤ 4 ᠰᠠᠷ᠎ᠠ ᠶᠢᠨ ᠰᠠᠭᠤᠭᠠᠯᠢ ᠢᠷᠭᠡᠳ ᠤᠨ ᠬᠡᠷᠡᠭᠯᠡᠭᠡᠨ ᠤ ᠦᠨ᠎ᠡ ᠶᠢᠨ ᠭᠤᠤᠯ ᠴᠢᠬᠤᠯᠠ ᠦᠵᠡᠬᠦᠯᠦᠯᠳᠡ

ᠢᠷᠡᠯᠳᠡ᠄ ᠤᠯᠤᠰ ᠤᠨ ᠳᠤᠭ᠎ᠠ ᠪᠦᠷᠢᠳᠬᠡᠨ ᠤᠨ ᠳᠤᠪᠴᠢᠶ᠎ᠠ ᠶᠢᠨ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120954220