蒙古文网站Logo
ᠰᠢᠨᠬᠤᠸᠠ ᠮᠤᠩᠭ᠋ᠤᠯ ᠨᠧᠲ

ᠲᠦᠷᠦᠬᠦᠤ ᠳᠦᠷᠪᠡᠨ ᠰᠠᠷ᠎ᠠ ᠳᠤ ᠮᠠᠨᠵᠤᠤᠷ ᠤᠨ ᠪᠤᠭᠤᠮᠲᠠ ᠪᠡᠷ ᠪᠤᠴᠠᠭᠰᠠᠨ ᠭᠠᠯᠲᠤ ᠲᠡᠷᠭᠡ ᠵᠠᠭᠤ ᠶᠢ ᠳᠠᠪᠠᠪᠠ

2017-05-17 11:51

    ᠰᠡᠭᠦᠯ ᠤᠨ ᠦᠢ᠎ᠡ ᠳᠤ᠂ ᠦᠪᠦᠷ ᠮᠣᠩᠭᠣᠯ ᠤᠨ ᠬᠢᠯᠢ ᠳᠠᠮᠨᠠᠬᠤ ᠬᠢᠵᠢᠭ᠌ ᠢ ᠬᠢᠨᠠᠨ ᠪᠠᠶᠢᠴᠠᠭᠠᠬᠤ ᠲᠤᠪᠴᠢᠶ᠎ᠠ ᠡᠴᠡ ᠨᠡᠶᠢᠲᠡᠯᠡᠭᠰᠡᠨ ᠢᠶᠡᠷ᠂ 1-4 ᠰᠠᠷ᠎ᠠ ᠳᠤ᠂ ᠮᠠᠨᠵᠤᠤᠷ ᠤᠨ ᠪᠤᠭᠤᠮᠲᠠ ᠪᠡᠷ 32 ᠴᠦᠷᠭᠦᠯᠡᠭᠡ ᠭᠠᠯᠲᠤ ᠲᠡᠷᠭᠡ ᠬᠢᠯᠢ ᠳᠠᠮᠨᠠᠵᠤ᠂ ᠨᠡᠶᠢᠲᠡ 420 ᠴᠤᠪᠤᠭ᠎ᠠ᠂ 33238 ᠸᠠᠭᠤᠨ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 52.38%᠂77.39% ᠪᠡᠷ ᠨᠡᠮᠡᠭᠳᠡᠪᠡ᠃ ᠡᠭᠦᠨ ᠳᠤ᠂ ᠪᠤᠴᠠᠭᠰᠠᠨ ᠭᠠᠯᠲᠤ ᠲᠡᠷᠭᠡ 118 ᠳᠤ ᠬᠦᠷᠴᠤ᠂ ᠪᠤᠴᠠᠭᠰᠠᠨ ᠬᠡᠮᠵᠢᠶ᠎ᠠ ᠠᠳᠠᠯᠢ ᠬᠤᠭᠤᠴᠠᠭᠠᠨ ᠤ ᠬᠢ ᠡᠴᠡ ᠲᠠᠬᠢᠨ ᠢᠶᠡᠷ ᠨᠡᠮᠡᠭᠳᠡᠵᠠᠢ᠃

    ᠬᠢᠯᠢ ᠳᠠᠮᠨᠠᠬᠤ ᠭᠠᠯᠲᠤ ᠲᠡᠷᠭᠡ ᠠᠠᠶᠠᠯᠠᠭᠤᠯᠤᠬᠰᠠᠨ ᠢᠶᠡᠷ ᠮᠠᠨᠵᠤᠤᠷ ᠤᠨ ᠪᠤᠭᠤᠮᠲᠠ ᠳᠤᠮᠳᠠᠳᠤ ᠤᠯᠤᠰ ᠤᠨ ᠤᠮᠠᠷᠠᠰᠢ ᠪᠡᠨ ᠨᠡᠭᠡᠭᠡᠯᠲᠡ ᠬᠢᠬᠦ ᠴᠢᠬᠤᠯᠠ ᠭᠠᠷᠴᠠ ᠪᠤᠯᠤᠬᠰᠠᠨ ᠪᠤᠯᠪᠠᠴᠦ ᠪᠤᠴᠠᠬᠤ ᠭᠠᠯᠲᠤ ᠲᠡᠷᠭᠡᠨ ᠤ ᠪᠠᠷᠠᠭᠠᠨ ᠤ ᠢᠷᠡᠯᠲᠠ ᠴᠦᠬᠡᠨ᠂ ᠬᠤᠭᠤᠰᠤᠨ ᠪᠤᠴᠠᠵᠤ ᠢᠷᠠᠬᠦ ᠨᠤᠷᠮ᠎ᠠ ᠦᠨᠳᠦᠷ ᠵᠡᠷᠭᠡ ᠠᠰᠠᠭᠤᠳᠠᠯ ᠨᠢ ᠬᠢᠯᠢ ᠳᠠᠮᠨᠠᠭᠰᠠᠨ ᠭᠠᠯᠲᠤ ᠲᠡᠷᠭᠡᠨ ᠤ ᠬᠦᠭ᠍ᠵᠢᠯᠲᠠ ᠶᠢ ᠬᠠᠷᠰᠢᠯᠠᠬᠰᠠᠭᠠᠷ ᠢᠷᠡᠵᠠᠢ᠃ ᠮᠠᠨᠵᠤᠤᠷ ᠤᠨ ᠬᠢᠵᠢᠭ᠌ ᠢ ᠬᠢᠨᠠᠨ ᠪᠠᠶᠢᠴᠠᠭᠠᠬᠤ ᠲᠤᠪᠴᠢᠶ᠎ᠠ ᠡᠴᠡ ᠳᠤᠮᠳᠠᠳᠤ ᠡᠸᠦ᠋ᠷᠦᠫᠠ ᠶᠢᠨ ᠠᠷᠠᠯᠵᠢᠶᠠᠨ ᠤ《 ᠬᠠᠮᠤᠭ ᠤᠨ ᠰᠡᠭᠦᠯᠴᠢ ᠶᠢᠨ ᠨᠢᠭᠡ ᠺᠢᠯᠦᠮᠸᠲ᠋ᠷ》  ᠢ ᠰᠢᠢᠳᠪᠦᠷᠢᠯᠡᠭᠡᠳ᠂ ᠳᠤᠮᠳᠠᠳᠤ ᠡᠸᠦ᠋ᠷᠦᠫᠠ ᠢᠢᠨ ᠬᠤᠶᠠᠷ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭ᠋ᠠᠨ᠂ ᠬᠢᠯᠢ ᠳᠠᠮᠨᠠᠭᠰᠠᠨ ᠭᠠᠯᠲᠤ ᠲᠡᠷᠭᠡᠨ ᠤ《 ᠲᠦᠬᠦᠷᠡᠡᠭ ᠪᠠᠷᠠᠭ᠎ᠠ ᠲᠠᠢ ᠭᠠᠷᠴᠦ ᠬᠤᠭᠤᠰᠤᠨ ᠢᠶᠡᠷ ᠪᠤᠴᠠᠬᠤ》 ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠡᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120987141