蒙古文网站Logo
ᠰᠢᠨᠬᠤᠸᠠ ᠮᠤᠩᠭ᠋ᠤᠯ ᠨᠧᠲ

ᠤᠯᠠᠭᠠᠨᠴᠠᠪ ᠬᠤᠲᠠ ᠶᠢᠨ 6 ᠰᠢᠨ᠎ᠠ ᠬᠡᠯᠪᠡᠷᠢ ᠶᠢᠨ ᠦᠢᠯᠡᠴᠢᠯᠡᠭᠡᠨ ᠤ ᠦᠢᠯᠡᠰ ᠲᠦᠷᠭᠡᠨ ᠬᠦᠭ᠍ᠵᠢᠯᠳᠡ ᠲᠠᠢ ᠪᠤᠯᠪᠠ

2017-05-17 11:51

    ᠵᠢᠯ ᠤᠨ ᠡᠬᠢᠨ ᠡᠴᠡ ᠨᠠᠭᠠᠰᠢ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠠᠵᠢᠯᠯᠠᠭ᠎ᠠ ᠲᠤᠭᠲᠠᠭᠤᠨ ᠬᠦᠭ᠍ᠵᠢᠯᠲᠠ ᠲᠠᠢ ᠪᠤᠯᠪᠠ᠂ ᠡᠭᠦᠨ ᠳᠤ 6 ᠰᠢᠨ᠎ᠠ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢᠶᠡᠷ ᠲᠤᠯᠤᠭᠠᠶᠢᠯᠠᠭᠤᠯᠤᠭᠰᠠᠨ ᠦᠢᠯᠡᠴᠢᠯᠡᠭᠡᠨ ᠤ ᠦᠢᠯᠡᠰ ᠤᠨ ᠬᠦᠭ᠍ᠵᠢᠯᠳᠡ ᠲᠤᠡᠭ ᠲᠦᠷᠭᠡᠨ ᠪᠤᠯᠵᠠᠢ᠃

    ᠤᠳᠤᠬᠠᠨ ᠳᠤ᠂ ᠤᠯᠠᠭᠠᠨᠴᠠᠪ ᠬᠤᠲᠠ ᠭᠤᠷᠪᠠᠨ ᠠᠵᠤ ᠦᠢᠯᠡᠰ ᠤᠨ ᠪᠦᠲᠦᠴᠡ 9.0᠄ 52.4᠄ 38.6 ᠪᠠᠶᠢᠭᠰᠠᠨ ᠢ ᠲᠤᠬᠢᠷᠠᠭᠤᠯᠤᠭᠠᠳ 5.8᠄ 51.7᠄ 42.5 ᠪᠤᠯᠭᠠᠪᠠ᠃ ᠵᠢᠭᠤᠯᠴᠢᠯᠠᠯ ᠤᠨ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠲᠠ ᠶᠢᠨ ᠪᠠᠶᠢᠳᠠᠯ ᠰᠠᠶᠢᠨ᠂ ᠳ᠋ᠦᠩᠰᠢᠭᠤᠷ ᠲᠦᠬᠦᠷᠢᠭ᠌ ᠡᠴᠡ ᠲᠡᠭᠡᠭ᠍ᠰᠢᠬᠢ ᠶᠢ ᠪᠡᠶᠡᠯᠡᠭᠦᠯᠦᠭᠰᠡᠨ ᠵᠢᠭᠤᠯᠴᠢᠯᠡᠯ ᠤᠨ ᠭᠤᠤᠯᠳᠠᠯᠭ᠎ᠠ ᠲᠠᠢ ᠲᠦᠰᠦᠯ ᠨᠡᠶᠢᠲᠡ 50 ᠪᠠᠶᠢᠵᠤ᠂ ᠶᠡᠷᠦᠩᠬᠡᠢ ᠬᠦᠷᠦᠩᠭᠡ ᠤᠷᠤᠭᠤᠯᠤᠯᠲᠠ ᠨᠢ 320 ᠳ᠋ᠦᠩᠰᠢᠭᠤᠷ ᠲᠦᠬᠦᠷᠢᠭ᠌ ᠲᠤ ᠬᠦᠷᠴᠤ᠂ 15 ᠲᠦᠰᠦᠯ ᠢ ᠨᠢᠭᠡᠨᠲᠡ ᠡᠬᠢᠯᠡᠬᠦᠯᠤᠨ 5 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠭᠡᠳ ᠪᠤᠢ᠃ ᠠᠩᠬᠠᠳᠠᠭᠴᠢ ᠬᠤᠭᠤᠴᠠᠭᠠᠨ ᠤ《 ᠨᠡᠶᠢᠰᠯᠡᠯ ᠤᠨ ᠲᠡᠭᠦᠷᠭᠡ ᠶᠢᠨ ᠲᠠᠯ᠎ᠠ ᠨᠤᠲᠤᠭ᠂ ᠮᠦᠰᠦ ᠴᠠᠰᠤᠨ ᠤ ᠶᠡᠬᠡ ᠤᠷᠳᠤᠨ》 ᠮᠦᠰᠦ ᠴᠠᠰᠤᠨ ᠤ ᠤᠷᠠᠯᠢᠭ ᠤᠨ ᠨᠠᠶᠢᠷ᠂ ᠬᠦᠬᠡᠬᠤᠲᠠ- ᠤᠯᠠᠭᠠᠨᠴᠠᠪ- ᠡᠷᠢᠶᠡᠨ ᠬᠤᠲᠠ- ᠮᠣᠩᠭᠣᠯ ᠤᠯᠤᠰ ᠬᠦᠷᠬᠦ《 ᠪᠤᠭᠤᠮᠲᠠ ᠨᠡᠷᠡᠮᠵᠢᠲᠤ》 ᠵᠢᠭᠤᠯᠴᠢᠯᠯᠠᠯ ᠤᠨ ᠭᠠᠯᠲᠤ ᠲᠡᠷᠭᠡ ᠠᠰᠢᠭᠯᠠᠯᠲᠠ ᠳᠤ ᠤᠷᠤᠵᠤ ᠬᠤᠲᠠ ᠳᠠᠶᠠᠭᠠᠷ ᠲᠤ ᠲᠠᠪᠬᠤᠷᠳᠠᠭᠰᠠᠨ ᠲᠤᠭ᠎ᠠ ᠪᠡᠷ ᠨᠡᠶᠢᠲᠡ 390 ᠲᠦᠮᠡᠨ ᠵᠢᠭᠤᠯᠴᠢᠳ ᠬᠦᠯᠢᠶᠡᠨ ᠠᠪᠴᠤ᠂ 40 ᠳ᠋ᠦᠩᠰᠢᠭᠤᠷ ᠲᠦᠬᠦᠷᠢᠭ᠌ ᠤᠨ ᠤᠷᠤᠯᠭ᠎ᠠ ᠶᠢ ᠪᠠᠶᠠᠯᠠᠭᠦᠯᠦᠨ ᠲᠤᠰ ᠲᠤᠰ 15% ᠪᠤᠯᠤᠨ 26% ᠪᠡᠷ ᠨᠡᠮᠡᠭᠳᠡᠪᠡ᠃ ᠢᠮᠫᠤᠷᠲ᠋ᠯᠠᠭᠰᠠᠨ ᠠᠷᠠᠯᠵᠢᠶᠠᠨ ᠤ ᠬᠦᠭ᠍ᠵᠢᠯᠲᠠ ᠲᠦᠷᠭᠡᠨ᠂ ᠳᠤᠮᠳᠠᠳᠤ ᠡᠸᠦ᠋ᠷᠤᠫᠠ ᠶᠢ ᠬᠤᠯᠪᠤᠭᠰᠠᠨ ᠭᠠᠯᠲᠤ ᠲᠡᠷᠭᠡᠨ ᠤ ᠠᠰᠢᠭᠯᠠᠯᠲᠠ ᠳᠤ ᠤᠷᠤᠬᠰᠠᠨ ᠪᠠ ᠰᠢᠨ ᠶᠠ ᠪᠤᠤ ᠯᠦ ᠬᠤᠳᠠᠯᠳᠤᠭᠠᠨ ᠤ ᠬᠤᠲᠠ ᠠᠵᠢᠯᠯᠠᠭ᠎ᠠ ᠡᠬᠢᠯᠡᠬᠦ ᠶᠢ ᠳᠠᠭᠠᠯᠳᠤᠨ᠂ ᠤᠯᠠᠭᠠᠨᠴᠠᠪ ᠬᠤᠲᠠ ᠶᠢᠨ ᠭᠠᠳᠠᠭᠠᠲᠤ ᠲᠠᠢ ᠨᠡᠭᠡᠭᠡᠯᠲᠡ ᠲᠠᠢ ᠶᠠᠪᠤᠯᠴᠠᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭ᠍ᠰᠢᠯᠡᠪᠡ᠃ ᠨᠢᠭᠡᠳᠦᠭᠡᠷ ᠤᠯᠠᠷᠢᠯ ᠤᠨ ᠡᠺᠰᠫᠤᠷᠲ᠋ᠯᠠᠵᠤ ᠢᠮᠫᠤᠷᠲ᠋ᠯᠠᠭᠰᠠᠨ ᠶᠡᠷᠦᠩᠬᠡᠢ ᠦᠷᠲᠡᠭ 1600 ᠲᠦᠮᠡᠨ ᠳ᠋ᠤᠯᠯᠠᠷ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 31% ᠪᠡᠷ ᠨᠡᠮᠡᠭᠳᠡᠨ᠂ ᠨᠡᠮᠡᠭᠳᠡᠯ ᠤᠨ ᠬᠤᠷᠳᠤᠴᠠ ᠤᠷᠤᠨ ᠳᠠᠶᠠᠭᠠᠷ ᠲᠤ ᠲᠠᠪᠤᠳᠤᠭᠠᠷ ᠲᠤ ᠵᠢᠬᠰᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120987154