蒙古文网站Logo
ᠰᠢᠨᠬᠤᠸᠠ ᠮᠤᠩᠭ᠋ᠤᠯ ᠨᠧᠲ

4 ᠰᠠᠷ᠎ᠠ ᠳ᠋ᠣ ᠮᠠᠨ ᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠳ᠋ ᠤᠨ ᠵᠠᠰᠠᠭ ᠦᠷᠭᠦᠯᠵᠢᠯᠡᠨ ᠲᠣᠭᠲᠠᠪᠤᠷᠢᠲᠠᠢ ᠠᠬᠢᠵᠠᠢ

2017-05-22 16:28

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 5 ᠰᠠᠷ᠎ᠠ ᠵᠢᠨ 21 ‍ᠥ ᠡᠳᠦᠷ ‍ᠥᠨ ᠮᠡᠳᠡᠭᠡ ᠶᠢ ᠦᠨᠳᠦᠰᠦᠯᠡᠪᠡᠯ᠂ ᠬᠥᠳᠡᠭᠡ ᠠᠵᠤ ᠠᠬᠤᠢ ᠶ᠋ᠢᠨ ᠶᠠᠮᠤᠨ ᠤ ᠨᠡᠶᠢᠲᠡᠯᠡᠭᠰᠡᠨ ᠰᠡᠭᠦᠯ ‍ᠥᠨ ᠦᠶ᠎ᠡ ᠳᠤ ᠮᠡᠳᠡᠭᠡ ᠨᠡᠶᠢᠳᠡᠯᠡᠵᠤ᠂ 4 ᠰᠠᠷ᠎ᠠ ᠳ᠋ᠣ ᠮᠠᠨ ᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠳ᠋ ᠤᠨ ᠵᠠᠰᠠᠭ ᠦᠷᠭᠦᠯᠵᠢᠯᠡᠨ ᠲᠣᠭᠲᠠᠪᠤᠷᠢᠲᠠᠢ ᠠᠬᠢᠵᠤ᠂ ᠦᠢᠯᠡᠳᠪᠦᠷᠢᠯᠡᠯ ‍ᠥᠨ ᠪᠠᠶᠢᠳᠠᠯ ᠂ ᠵᠠᠬ᠎ᠠ ᠳᠡᠯᠭᠡᠭᠦᠷ ‍ᠥᠨ ᠬᠠᠩᠭᠠᠯᠭ᠎ᠠ ᠶᠡᠷᠦᠩᠬᠡᠢ ᠳ᠋ᠡᠬᠡᠨ ᠲᠣᠭᠲᠠᠪᠤᠷᠢᠲᠠᠢ ᠪᠣᠯᠵᠤ᠂ ᠬᠣᠶᠠᠷ ᠭᠤᠷᠪᠠᠳᠤᠭᠠᠷ ᠠᠵᠤ ᠦᠢᠯᠡᠰ ‍ᠥᠨ ᠲᠣᠭ᠎ᠠ ᠪᠣᠯᠣᠨ ᠦᠷ᠎ᠡ ᠠᠰᠢᠭ ᠨᠢ ᠵᠡᠷᠭᠡ ᠪᠡᠷ ‍ᠢᠶ᠋ᠡᠨ ᠨᠡᠮᠡᠭᠳᠡᠵᠦ᠂ ᠬᠥᠳᠡᠭᠡ ᠠᠵᠤ ᠠᠬᠤᠢ ᠶ᠋ᠢᠨ ᠪᠦᠲᠦᠭᠡᠭᠳᠡᠬᠦᠨ ‍ᠥ ᠦᠨ᠎ᠡ ᠬᠠᠩᠰᠢ ᠶᠡᠷᠦᠩᠬᠡᠢ ᠳ᠋ᠡᠬᠡᠨ ᠪᠠᠭᠤᠷᠠᠭᠰᠠᠨ ᠪᠠᠶᠢᠨ᠎ᠠ ᠬᠡᠵᠡᠢ᠃

    ᠬᠥᠳᠡᠭᠡ ᠠᠵᠤ ᠠᠬᠤᠢ ᠶ᠋ᠢᠨ ᠶᠠᠮᠤᠨ ᠤ ᠬᠠᠮᠢᠶᠠᠲᠠᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣ ᠮᠠᠨ ᠤ ᠤᠯᠤᠰ ᠤᠨ ᠬᠠᠪᠤᠷ ᠤᠨ ᠲᠠᠷᠢᠶᠠᠯᠠᠭ᠎ᠠ ᠶ᠋ᠢᠨ ᠠᠵᠢᠯ ᠡᠷᠴᠢᠮᠲᠡᠢ ᠪᠣᠯᠵᠤ᠂ ᠪᠦᠲᠦᠴᠡ ᠶ᠋ᠢᠨ ᠲᠣᠬᠢᠷᠠᠭᠤᠯᠤᠯᠲᠠ ᠶ᠋ᠢᠨ ᠬᠠᠨᠳᠤᠰᠢ ᠰᠠᠶᠢᠨ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶ᠋ᠢᠨ ᠠᠬᠢᠴᠠ ᠡᠴᠠ ᠦᠵᠡᠪᠡᠯ᠂ ᠬᠥᠳᠡᠭᠡ ᠠᠵᠤ ᠠᠬᠤᠢ ᠶ᠋ᠢᠨ ᠪᠦᠲᠦᠴᠡ ᠶ᠋ᠢᠨ ᠲᠣᠬᠢᠷᠠᠭᠤᠯᠤᠯᠲᠠ ᠶ᠋ᠢ ᠵᠠᠬ᠎ᠠ ᠳᠡᠯᠭᠡᠭᠦᠷᠴᠢᠯᠡᠬᠦ ᠬᠠᠨᠳᠤᠰᠢ ᠲᠣᠪᠣᠶᠢᠮ᠎ᠠ ᠪᠠᠶᠢᠵᠤ᠂ ᠪᠦᠲᠦᠴᠡ ᠶ᠋ᠢ ᠲᠣᠭᠲᠠᠭᠤᠨ ᠢᠶᠠᠷ ᠰᠢᠯᠢᠳᠡᠭᠵᠢᠭᠦᠯᠦᠨ ᠰᠠᠶᠢᠵᠢᠷᠠᠭᠤᠯᠵᠤ᠂ ᠬᠥᠮᠥᠷᠭᠡᠯᠡᠭᠰᠡᠨ ᠡᠷᠳᠡᠨᠢ ᠰᠢᠰᠢ ᠢᠯᠡᠭᠦᠦ ᠪᠠᠶᠢᠭ᠎ᠠ ᠪᠠᠶᠢᠳᠠᠯ ᠳ᠋ᠣ ᠴᠢᠭᠯᠡᠭᠦᠯᠦᠨ ᠡᠷᠳᠡᠨᠢ ᠰᠢᠰᠢ ᠶ᠋ᠢᠨ ᠲᠠᠷᠢᠶᠠᠨ ᠤ ᠲᠠᠯᠠᠪᠠᠢ ᠶ᠋ᠢ 1000 ᠢᠯᠡᠭᠦᠦ ᠲᠦᠮᠡᠨ ᠮᠦ ᠬᠠᠰᠤᠵᠤ᠂ ᠳᠤᠲᠠᠭᠳᠠᠵᠤ ᠪᠠᠶᠢᠭ᠎ᠠ ᠪᠦᠳᠦᠭᠦᠯᠢᠭ ᠠᠮᠤ ᠪᠤᠷᠴᠠᠭ ᠤᠨ ᠲᠠᠯᠠᠪᠠᠢ ᠶ᠋ᠢ 500 ᠢᠯᠡᠭᠦᠦ ᠲᠦᠮᠡᠨ ᠮᠦ ᠨᠡᠮᠡᠭᠳᠡᠭᠦᠯᠵᠦ᠂ ᠲᠠᠷᠢᠵᠤ ᠲᠡᠵᠢᠭᠡᠬᠦ ᠶ᠋ᠢ ᠤᠶᠠᠯᠳᠤᠭᠤᠯᠤᠭᠰᠠᠨ ᠪᠣᠬᠢᠷᠲᠤᠯ ᠦᠭᠡᠢ ᠠᠮᠢ ᠠᠬᠤᠢ ᠶ᠋ᠢᠨ ᠲᠤᠲᠤᠷᠭ᠎ᠠ ᠶ᠋ᠢᠨ ᠲᠠᠷᠢᠶᠠᠨ ᠲᠠᠯᠠᠪᠠᠢ ᠶ᠋ᠢ 200 ᠲᠦᠮᠡᠨ ᠮᠦ ᠨᠡᠮᠡᠭᠳᠡᠭᠦᠯᠦᠭᠰᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ  ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701121015273