蒙古文网站Logo
ᠰᠢᠨᠬᠤᠸᠠ ᠮᠤᠩᠭ᠋ᠤᠯ ᠨᠧᠲ

1 ᠡᠴᠡ 4 ᠰᠠᠷ᠎ᠠ ᠳᠤ ᠦᠪᠦᠷ ᠮᠣᠩᠭᠣᠯ ᠤᠨ ᠨᠡᠶᠢᠭᠡᠮ ᠤᠨ ᠬᠡᠷᠡᠭᠯᠡᠭᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 2000 ᠳ᠋ᠦᠩᠰᠢᠭᠤᠷ ᠲᠦᠬᠦᠷᠢᠭ᠌ ᠢ ᠲᠠᠪᠠᠪᠠ

2017-05-24 11:56

    ᠦᠨᠦ ᠵᠢᠯ ᠤᠨ 1 ᠡᠴᠡ 4 ᠰᠠᠷ᠎ᠠ ᠳᠤ᠂ ᠦᠪᠦᠷ ᠮᠣᠩᠭᠣᠯ ᠤᠨ ᠤᠷᠤᠨ ᠳᠠᠶᠠᠭᠠᠷ ᠤᠨ ᠨᠡᠶᠢᠭᠡᠮ ᠤᠨ ᠬᠡᠷᠡᠭᠯᠡᠭᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ᠌ 2000 ᠳ᠋ᠦᠩᠰᠢᠭᠤᠷ ᠲᠦᠬᠦᠷᠢᠭ᠌ ᠢ ᠳᠠᠪᠠᠵᠤ᠂ 2186.37 ᠳ᠋ᠦᠩᠰᠢᠭᠤᠷ ᠲᠦᠬᠦᠷᠢᠭ᠌ ᠲᠤ ᠬᠦᠷᠤᠨ ᠦᠩᠭᠡᠷᠡᠭᠰᠡᠨ ᠤᠨ ᠤ ᠮᠦᠨ ᠦᠶ᠎ᠠ ᠡᠴᠡ 9.9% ᠪᠡᠷ ᠨᠡᠮᠡᠭᠳᠡᠵᠠᠢ᠂ ᠨᠡᠮᠡᠭᠳᠡᠴᠡ ᠶᠢᠨ ᠬᠤᠷᠳᠤᠴᠠ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 0.3 ᠬᠤᠷᠳᠤᠨ ᠪᠠᠶᠢᠵᠤ᠂ ᠵᠢᠯ ᠤᠨ ᠡᠬᠢᠨ ᠤ ᠵᠢᠱᠢᠭᠰᠡᠨ ᠲᠦᠯᠦᠪᠯᠡᠭᠡ ᠲᠠᠢ ᠨᠡᠯᠢᠶᠡᠳ ᠤᠶᠢᠷᠠᠳᠤᠪᠠ᠃

    ᠡᠭᠦᠨ ᠳᠤ᠂ ᠬᠤᠲᠠ ᠪᠠᠯᠭᠠᠰᠤᠨ ᠤ ᠬᠡᠷᠡᠭᠯᠡᠭᠡᠨ ᠤ ᠵᠠᠬ᠎ᠠ ᠵᠡᠭᠡᠯᠢ ᠶᠢᠨ ᠬᠡᠷᠡᠭᠯᠡᠭᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠭᠰᠠᠨ ᠦᠷᠲᠡᠭ 1974.76 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.7% ᠪᠡᠷ ᠨᠡᠮᠡᠭᠳᠡᠵᠠᠢ᠃ ᠬᠦᠳᠡᠭᠡ ᠲᠤᠰᠬᠤᠨ ᠤ ᠬᠡᠷᠡᠭᠯᠡᠭᠡᠨ ᠤ ᠵᠠᠬ᠎ᠠ ᠵᠡᠭᠡᠯᠢ ᠶᠢᠨ ᠬᠡᠷᠡᠭᠯᠡᠭᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠭᠰᠠᠨ ᠦᠷᠲᠡᠭ 211.61 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 11.4% ᠪᠡᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠡᠴᠡ ᠠᠪᠴᠤ ᠦᠵᠡᠪᠡᠯ᠂ ᠬᠤᠭᠤᠯᠠ ᠤᠮᠲᠠ ᠶᠢᠨ ᠠᠵᠤ ᠦᠢᠯᠡᠰ 335.58 ᠳ᠋ᠦᠩᠰᠢᠭᠤᠷ ᠲᠦᠬᠦᠷᠢᠭ᠌ ᠤᠨ ᠤᠷᠤᠯᠭ᠎ᠠ ᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 10.8% ᠪᠡᠷ ᠨᠡᠮᠡᠭᠳᠡᠨ᠂ ᠨᠡᠮᠡᠭᠳᠡᠴᠡ ᠶᠢᠨ ᠬᠤᠷᠳᠤᠴᠠ ᠨᠢ ᠨᠢᠭᠡᠳᠦᠭᠡᠷ ᠤᠯᠠᠷᠢᠯ ᠤᠨ ᠳᠤᠮᠳᠠᠴᠢ ᠬᠤᠷᠳᠤᠴᠠ ᠶᠢᠨ ᠨᠡᠮᠡᠭᠳᠡᠴᠡ ᠲᠠᠢ ᠠᠳᠠᠯᠢ᠃ ᠲᠠᠸᠠᠷ ᠤᠨ ᠵᠢᠵᠢᠭᠯᠡᠨ ᠪᠤᠷᠤᠯᠠᠭᠤᠯᠬᠤ ᠠᠵᠤ ᠦᠢᠯᠡᠰ 1847.78 ᠳ᠋ᠦᠩᠰᠢᠭᠤᠷ ᠲᠦᠬᠦᠷᠢᠭ᠌ ᠤᠨ ᠤᠷᠤᠯᠭ᠎ᠠ ᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 9.7% ᠪᠡᠷ ᠨᠡᠮᠡᠭᠳᠡᠵᠠᠢ᠃ ᠲᠠᠸᠠᠷ ᠤᠨ ᠲᠦᠷᠦᠯ ᠬᠡᠯᠪᠡᠷᠢ ᠡᠴᠡ ᠠᠪᠴᠤ ᠦᠵᠡᠪᠡᠯ᠂ ᠠᠮᠤ ᠪᠤᠳᠠᠭ᠎ᠠ᠂ ᠬᠦᠨᠡᠰᠤ᠂ ᠠᠷᠢᠬᠢ ᠲᠠᠮᠠᠬᠢᠨ ᠤ ᠲᠦᠷᠦᠯ ᠢ ᠵᠢᠵᠢᠭᠯᠡᠨ ᠪᠤᠷᠤᠯᠠᠭᠤᠯᠤᠭᠰᠠᠨ ᠬᠡᠮᠵᠢᠶ᠎᠎ᠠ ᠦᠩᠭᠡᠷᠡᠭᠰᠡᠨ ᠤᠨ ᠤ ᠮᠦᠨ ᠦᠶ᠎ᠠ ᠡᠴᠡ 12.2% ᠪᠡᠷ ᠨᠡᠮᠡᠭᠳᠡᠵᠤ᠂ ᠠᠯᠲᠠ ᠮᠦᠩᠭᠦ ᠡᠷᠳᠡᠨᠢᠰ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 11.3% ᠪᠡᠷ ᠨᠡᠮᠡᠭᠳᠡᠨ᠂ ᠭᠡᠷ ᠤᠨ ᠴᠠᠬᠢᠯᠠᠭᠠᠨ ᠬᠡᠷᠡᠭᠰᠡᠯ ᠵᠢᠴᠢ ᠳᠠᠭᠤᠤ ᠬᠦᠭ᠍ᠵᠢᠮ ᠤᠨ ᠬᠡᠷᠡᠭᠰᠡᠯ ᠤᠨ ᠲᠦᠷᠦᠯ ᠢ ᠵᠢᠵᠢᠭᠯᠡᠨ ᠪᠤᠷᠤᠯᠠᠭᠤᠯᠤᠬᠰᠠᠠ ᠬᠡᠮᠵᠢᠶ᠎᠎ᠡ ᠦᠩᠭᠡᠷᠡᠭᠰᠡᠨ ᠤᠨ ᠤ ᠮᠦᠨ ᠦᠶ᠎ᠠ ᠡᠴᠡ 8.1% ᠪᠡᠷ ᠨᠡᠮᠡᠭᠳᠡᠵᠤ᠂ ᠴᠢᠯᠠᠭᠤᠨ ᠲᠤᠰᠤ ᠵᠢᠴᠢ ᠪᠦᠲᠦᠭᠡᠭ᠍ᠲᠡᠭᠦᠨ ᠤ ᠪᠠᠷᠠᠭ᠎ᠠ ᠶᠢᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 8.9% ᠪᠡᠷ ᠨᠡᠮᠡᠭᠳᠡᠨ᠂ ᠮᠠᠰᠢᠨ ᠲᠡᠷᠭᠡᠨ ᠤ ᠲᠦᠷᠦᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 6.2% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121027096