蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠡᠳ᠋ ᠤᠨ ᠵᠠᠰᠠᠭ ᠡᠴᠡ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠲᠤ 2.22 ᠳ᠋ᠦᠩᠰᠢᠭᠤᠷ ᠲᠦᠬᠦᠷᠢᠭ᠌ ᠪᠦᠬᠦᠢ ᠬᠤᠶᠠᠷ ᠲᠦᠷᠦᠯ ᠤᠨ ᠨᠦᠬᠦᠪᠦᠷᠢ ᠶᠢ ᠪᠠᠭᠤᠯᠭᠠᠪᠠ

2017-05-26 17:12

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠶ᠋ᠢᠳᠪᠦᠷᠢ ᠪᠤᠳᠤᠯᠭ᠎ᠠ ᠶᠢᠨ ᠪᠠᠶᠢᠷᠢᠰᠢᠯᠠᠭᠤᠯᠤᠯᠲᠠ ᠲᠦᠷᠭᠡᠨ ᠨᠠᠶᠢᠳᠠᠪᠤᠷᠢᠵᠢᠭᠤᠯᠤᠯᠲᠠ ᠪᠡᠨ ᠤᠯᠬᠤ ᠶᠢ ᠪᠠᠲᠤᠯᠠᠬᠤ ᠶᠢᠨ ᠳᠠᠭᠠᠤ ᠨᠦᠬᠦᠴᠡᠯ ᠳᠤ ᠨᠡᠶᠢᠴᠡᠬᠦ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠲᠤ ᠠᠰᠢᠭ ᠬᠦᠷᠲᠡᠭᠡᠬᠦ ᠶᠢᠨ ᠲᠦᠯᠦᠭᠡ᠂ ᠲᠦᠷᠦᠭᠦᠬᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠡᠴᠡ ᠡᠯ᠎ᠠ ᠠᠶᠢᠮᠠᠭ ᠬᠤᠲᠠ ᠶᠢᠨ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠲᠤ ᠬᠤᠶᠠᠷ ᠲᠦᠷᠦᠯ ᠤᠨ ᠨᠦᠬᠦᠪᠦᠷᠢ ᠮᠦᠩᠭᠦ ᠨᠡᠶᠢᠲᠡ 1.3 ᠳ᠋ᠦᠩᠰᠢᠭᠤᠷ ᠲᠦᠬᠦᠷᠢᠭ᠌ ᠪᠠᠭᠤᠯᠭᠠᠪᠠ᠃ ᠡᠭᠦᠨ ᠳᠤ᠂ ᠬᠦᠴᠢᠷᠳᠡᠯᠲᠠᠢ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠠᠮᠢᠳᠤᠷᠠᠯ ᠤᠨ ᠨᠦᠬᠦᠪᠦᠷᠢ 5951 ᠲᠦᠮᠡᠨ ᠲᠦᠬᠦᠷᠢᠭ᠌᠂ ᠬᠦᠨᠲᠤ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠠᠰᠠᠷᠠᠨ ᠰᠤᠪᠢᠯᠠᠬᠤ ᠨᠦᠬᠦᠪᠦᠷᠢ ᠮᠦᠩᠭᠦ 7341 ᠲᠦᠮᠡᠨ ᠲᠦᠬᠦᠷᠢᠭ᠌ ᠪᠠᠭᠲᠠᠨ᠎ᠠ᠃ ᠲᠤᠰ ᠤᠳᠠᠭᠠᠨ ᠤ ᠨᠦᠬᠦᠪᠦᠷᠢ ᠮᠦᠩᠭᠦ ᠶᠢ ᠪᠠᠭᠤᠯᠭᠠᠭᠰᠠᠨ ᠤ ᠳᠠᠷᠠᠭ᠎ᠠ᠂ 2017 ᠤᠨ ᠳᠤ ᠦᠪᠦᠷ ᠮᠣᠩᠭᠣᠯ ᠤᠨ ᠡᠳ᠋ ᠤᠨ ᠵᠠᠰᠠᠭ ᠡᠴᠡ ᠨᠡᠶᠢᠲᠡ 2.22 ᠳ᠋ᠦᠩᠰᠢᠭᠤᠷ ᠲᠦᠬᠦᠷᠢᠭ᠌ ᠤᠨ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠬᠤᠶᠠᠷ ᠲᠦᠷᠦᠯ ᠤᠨ ᠨᠦᠬᠦᠪᠦᠷᠢ ᠶᠢ ᠪᠠᠭᠤᠯᠭᠠᠵᠠᠢ᠃

    ᠤᠶᠢᠯᠠᠭᠠᠭᠰᠠᠨ ᠢᠶᠡᠷ᠂《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠬᠦ ᠢᠷᠭᠡᠳ ᠲᠤ ᠠᠰᠢᠭ ᠬᠦᠷᠲᠡᠭᠡᠬᠦ ᠬᠡᠳᠦᠨ ᠵᠦᠢᠯ ᠤᠨ ᠲᠦᠷᠦ ᠶᠢᠨ ᠪᠤᠳᠤᠯᠭ᠎ᠠ ᠶᠢᠨ ᠮᠡᠳᠡᠭᠳᠡᠯ》 ᠳᠤ ᠲᠤᠭᠲᠠᠭᠠᠭᠰᠠᠨ ᠢᠶᠡᠷ᠂ 2017 ᠤᠨ ᠤ 1 ᠰᠠᠷ᠎ ᠠ ᠶᠢᠨ 1 ᠤ ᠡᠳᠦᠷ ᠡᠴᠡ ᠡᠬᠢᠯᠡᠨ ᠬᠦᠴᠢᠷᠲᠠᠯᠲᠠᠢ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠦᠰᠭᠡᠭᠡᠳ ᠬᠦᠮᠦᠨ ᠪᠦᠷᠢ ᠳᠤ ᠰᠠᠷ᠎ᠠ ᠳᠤ 80 ᠲᠦᠬᠦᠷᠢᠭ᠌ ᠥᠭᠴᠦ᠂ ᠤᠤᠯ ᠤᠨ ᠰᠠᠭᠤᠷᠢᠨ ᠳᠡᠭᠡᠷ᠎ᠠ ᠪᠡᠨ ᠬᠦᠮᠦᠨ ᠪᠦᠷᠢ ᠰᠠᠷ᠎ᠠ ᠳᠤ 30 ᠲᠦᠬᠦᠷᠢᠭ᠌ ᠦᠰᠴᠠᠢ᠃ ᠬᠦᠳᠡᠭᠡ ᠤᠷᠤᠨ ᠨᠤᠲᠤᠭ ᠤᠨ ᠬᠦᠮᠦᠨ ᠪᠦᠷᠢ ᠳᠤ ᠰᠠᠷ᠎ᠠ ᠳᠤ 50 ᠲᠦᠬᠦᠷᠢᠭ᠌ ᠦᠰᠭᠡᠪᠡ᠃ ᠬᠦᠨᠲᠤ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠠᠰᠠᠷᠠᠨ ᠰᠤᠪᠢᠯᠠᠬᠤ ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠳᠤ ᠵᠢᠯ ᠳᠤ 960 ᠲᠦᠬᠦᠷᠢᠭ᠌ ᠪᠤᠯᠭᠠᠨ ᠦᠰᠭᠡᠵᠤ᠂ ᠤᠤᠯ ᠤᠨ ᠰᠠᠭᠤᠷᠢᠨ ᠳᠡᠭᠡᠷ᠎ᠠ ᠪᠡᠨ ᠬᠦᠮᠦᠨ ᠪᠦᠷᠢ ᠵᠢᠯ ᠳᠤ 460 ᠲᠦᠬᠦᠷᠢᠭ᠌ ᠢᠯᠡᠭᠦᠤ ᠤᠯᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121044133