蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠬᠦᠷᠦᠩᠬᠡ ᠤᠷᠤᠭᠤᠯᠤᠯᠲᠠ ᠶᠢᠨ ᠬᠤᠷᠳᠤᠴᠠ ᠨᠡᠮᠡᠭᠳᠡᠪᠡ

2017-05-27 11:05

    ᠰᠢᠨᠬᠤᠸᠠ ᠬᠤᠷᠢᠶ᠎ᠠ  ᠬᠦᠬᠡᠬᠤᠲᠠ ᠶᠢᠨ 5 ᠰᠠᠷ᠎ᠠ ᠶᠢᠨ 26 ᠤ ᠡᠳᠦᠷ ᠤᠨ ᠴᠠᠬᠢᠯᠠᠭᠠᠨ ᠮᠡᠳᠡᠭᠡ ( ᠰᠤᠷᠪᠤᠯᠵᠢᠯᠠᠭᠴᠢ ᠳ᠋ᠦᠩ ᠯᠦ)  ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠦᠨᠦ ᠵᠢᠯ ᠤᠨ 1 ᠰᠠᠷ᠎ᠠ ᠡᠴᠡ 4 ᠰᠠᠷ᠎ᠠ ᠪᠤᠯᠲᠠᠯ᠎ᠠ᠂ ᠦᠪᠦᠷ ᠮᠣᠩᠭᠣᠯ ᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠨᠡᠬᠡᠭᠡᠯᠲᠠ᠂ ᠬᠦᠷᠦᠩᠭᠡ ᠤᠷᠤᠭᠤᠯᠤᠯᠲᠠ ᠲᠤᠭᠲᠠᠭᠤᠨ ᠦᠰᠦᠯᠲᠠ ᠪᠡᠨ ᠪᠠᠲᠤᠯᠠᠵᠤ᠂ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠭ᠎ᠠ ᠨᠡᠮᠡᠭᠳᠡᠬᠦ ᠬᠠᠨᠳᠤᠰᠢ ᠲᠠᠢ᠃

    1 ᠰᠠᠷ᠎ᠠ ᠡᠴᠡ 4 ᠰᠠᠷ᠎ᠠ ᠪᠤᠯᠲᠠᠯ᠎ᠠ᠂ ᠦᠪᠦᠷ ᠮᠣᠩᠭᠣᠯ ᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ 107.59 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 10.6% ᠪᠡᠷ ᠨᠡᠮᠡᠭᠳᠡᠵᠠᠢ᠃ ᠨᠡᠮᠡᠭᠳᠡᠴᠡ ᠶᠢᠨ ᠬᠤᠷᠳᠤᠴᠠ ᠨᠢ ᠨᠢᠭᠡᠳᠦᠭᠡᠷ ᠤᠯᠠᠷᠢᠯ ᠡᠴᠡ ᠵᠠᠭᠤᠨ ᠤ ᠬᠠᠷᠢᠴᠠᠯ ᠢᠶᠡᠷ 0.9 ᠪᠡᠷ ᠨᠡᠮᠡᠭᠳᠡᠵᠡᠢ᠃

    ᠦᠨᠦ ᠵᠢᠯ ᠡᠴᠡ ᠨᠠᠭᠠᠰᠢ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠨᠦᠯᠦᠭᠡ ᠡᠴᠡ ᠪᠤᠯᠵᠤ᠂ ᠦᠪᠦᠷ ᠮᠣᠩᠭᠣᠯ ᠤᠨ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠭ᠎ᠠ ᠡᠷᠬᠢᠯᠲᠠ ᠶᠢᠨ ᠪᠠᠶᠢᠳᠠᠯ ᠲᠠᠢ ᠪᠠᠶᠢᠵᠤ᠂ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠨᠦᠬᠦᠪᠦᠷᠢ ᠰᠠᠭᠤᠴᠠ ᠶᠢ ᠬᠤᠳᠠᠯᠳᠤᠬᠤ ᠠᠬᠢᠴᠠ ᠨᠡᠮᠡᠭᠳᠡᠪᠠ᠃ ᠠᠳᠠᠯᠢ ᠬᠤᠭᠤᠴᠠᠭᠠᠨ ᠳᠤ᠂ ᠦᠪᠦᠷ ᠮᠣᠩᠭᠣᠯ ᠤᠨ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠭ᠎ᠠ ᠶᠢᠨ ᠲᠠᠯᠠᠪᠠᠢ 233.53 ᠲᠦᠮᠡᠨ ᠺᠦᠸᠨᠳ᠋ ᠮᠸᠲ᠋ᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 14.8% ᠪᠡᠷ ᠨᠡᠮᠡᠭᠳᠡᠪᠠ᠃ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠤᠭᠰᠠᠨ ᠦᠷᠲᠡᠭ 111.75 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 15.9% ᠪᠡᠷ ᠨᠡᠮᠡᠭᠳᠡᠵᠠᠢ᠃ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠤᠭᠠᠳᠤᠢ ᠲᠠᠯᠠᠪᠡᠢ ᠨᠢ 1325.83 ᠲᠦᠮᠡᠨ ᠺᠦᠸᠨᠳ᠋ ᠮᠸᠲ᠋ᠷ ᠪᠠᠶᠢᠵᠤ᠂ ᠦᠩᠭᠡᠷᠡᠭᠰᠡᠨ ᠤᠨ ᠤ ᠮᠦᠨ ᠦᠶ᠎ᠠ ᠡᠴᠡ 6.5% ᠪᠡᠷ ᠪᠠᠭᠤᠷᠠᠭᠰᠠᠨ ᠪᠠᠶᠢᠨ᠎ᠠ᠃

    ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ ᠦᠨᠦ ᠵᠢᠯ ᠤᠨ ᠨᠢᠭᠡᠳᠦᠭᠡᠷ ᠤᠯᠠᠷᠢᠯ ᠳᠤ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠭ᠎ᠠ ᠶᠢᠨ ᠲᠠᠯᠠᠪᠠᠢ ᠪᠤᠯᠤᠨ ᠪᠤᠷᠤᠯᠠᠭᠤᠯᠭ᠎ᠠ ᠶᠢᠨ ᠬᠡᠮᠵᠢᠶᠠᠨ ᠤ ᠨᠡᠮᠡᠭᠳᠡᠴᠡ ᠶᠢᠨ ᠬᠤᠷᠳᠤᠴᠠ ᠨᠢ ᠲᠤᠰ ᠪᠦᠷᠢ 14.7% ᠪᠤᠯᠤᠨ 15.6% ᠳᠤ ᠬᠦᠷᠴᠤ᠂ 2016 ᠤᠨ ᠤ ᠨᠡᠮᠡᠭᠳᠡᠴᠡ ᠶᠢᠨ ᠬᠤᠷᠳᠤᠴᠠ ᠮᠡᠳᠡᠭᠲᠠᠮ᠎ᠡ ᠲᠦᠷᠭᠡᠨ ᠪᠠᠢᠢᠨ᠎ᠠ᠂ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠤᠭᠠᠳᠤᠢ ᠲᠠᠯᠠᠪᠠᠢ ᠰᠦᠬᠡᠷᠬᠦ ᠦᠰᠦᠯᠲᠠ ᠶᠢᠨ ᠪᠠᠶᠢᠳᠠᠯ ᠲᠠᠢ ᠪᠤᠯᠤᠭᠠᠳ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121048118