蒙古文网站Logo
ᠰᠢᠨᠬᠤᠸᠠ ᠮᠤᠩᠭ᠋ᠤᠯ ᠨᠧᠲ

ᠡᠮᠦᠨ᠎ᠠ ᠲᠦᠷᠪᠡᠨ ᠰᠠᠷ᠎᠎ᠠ ᠳᠤ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ 914.5 ᠳ᠋ᠦᠩᠰᠢᠭᠤᠷ ᠲᠦᠬᠦᠷᠢᠭ᠌ ᠢ ᠪᠡᠶᠡᠯᠡᠭᠦᠯᠪᠠ

2017-06-02 17:01

    ᠰᠤᠷᠪᠤᠯᠵᠢᠯᠠᠭᠴᠢ ᠲᠦᠷᠦᠭᠦᠬᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠪᠠ ᠰᠤᠷᠠᠭ ᠵᠠᠩᠭᠢᠴᠢᠯᠠᠭᠰᠠᠨ ᠵᠦᠪᠯᠡᠯ ᠡᠴᠡ ᠤᠶᠢᠯᠠᠭᠠᠭᠰᠠᠨ ᠢᠶᠡᠷ᠂ ᠡᠮᠦᠨ᠎ᠠ ᠲᠦᠷᠪᠡᠨ ᠰᠠᠷ᠎᠎ᠠ ᠳᠤ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ 914.5 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 3.51% ᠪᠡᠷ ᠨᠡᠮᠡᠭᠳᠡᠨ᠂ ᠤᠷᠤᠨ ᠳᠠᠶᠠᠭᠠᠷ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ 47.97% ᠶᠢ ᠡᠵᠡᠯᠡᠪᠠ᠃

    1 ᠡᠴᠡ 4 ᠰᠠᠷ᠎ᠠ ᠳᠤ᠂ ᠤᠷᠤᠨ ᠳᠠᠶᠠᠭᠠᠷ ᠠᠵᠤ ᠦᠢᠯᠡᠳᠪᠦᠷᠢ ᠶᠢᠨ ᠢᠷᠭᠡᠨ ᠤ ᠬᠦᠷᠦᠩᠭᠡ ᠤᠷᠤᠭᠤᠯᠤᠯᠲᠠ 603.45 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ 65.99% ᠶᠢ ᠡᠵᠡᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 0.11 ᠪᠡᠷ ᠪᠠᠭᠤᠷᠠᠵᠠᠢ᠃ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠦᠭᠡᠷᠡᠴᠢᠯᠡᠯᠲᠡ ᠶᠢᠨ ᠬᠦᠷᠦᠩᠭᠡ ᠤᠷᠤᠭᠤᠯᠤᠯᠲᠠ 106.05 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ 11.60% ᠢ ᠡᠵᠡᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 3.58 ᠪᠡᠷ ᠪᠠᠭᠤᠷᠠᠭᠰᠠᠨ ᠪᠠᠶᠢᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121078204