蒙古文网站Logo
ᠰᠢᠨᠬᠤᠸᠠ ᠮᠤᠩᠭ᠋ᠤᠯ ᠨᠧᠲ

ᠡᠳ᠋ ᠤᠨ ᠵᠠᠰᠠᠭ ᠤᠨ ᠶᠠᠮᠤᠨ ᠡᠴᠡ ᠦᠪᠦᠷ ᠮᠣᠩᠭᠣᠯ ᠳᠤ ᠬᠦᠳᠡᠭᠡ ᠠᠵᠤ ᠠᠬᠤᠢ ᠶᠢᠨ ᠭᠠᠩ ᠲᠠᠢ ᠲᠡᠮᠡᠴᠡᠵᠤ ᠭᠠᠮᠰᠢᠭ ᠡᠴᠡ ᠠᠪᠤᠷᠠᠬᠤ ᠮᠦᠩᠭᠦ 1.3 ᠳ᠋ᠦᠩᠰᠢᠭᠤᠷ ᠲᠦᠬᠦᠷᠢᠭ᠌ ᠪᠠᠭᠤᠯᠭᠠᠪᠠ

2017-06-03 18:01

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠡᠴᠡ ᠤᠶᠢᠯᠠᠭᠠᠭᠰᠠᠨ ᠢᠶᠡᠷ᠂ ᠲᠦᠷᠦᠭᠦᠬᠡᠨ ᠡᠳ᠋ ᠤᠨ ᠵᠠᠰᠠᠭ ᠤᠨ ᠶᠠᠮᠤᠨ ᠡᠴᠡ ᠦᠪᠦᠷ ᠮᠣᠩᠭᠣᠯ ᠳᠤ ᠬᠦᠳᠡᠭᠡ ᠠᠵᠤ ᠠᠬᠤᠢ ᠶᠢᠨ ᠭᠠᠩ ᠲᠠᠢ ᠲᠡᠮᠡᠴᠡᠵᠤ ᠭᠠᠮᠰᠢᠭ ᠡᠴᠡ ᠠᠪᠤᠷᠠᠬᠤ ᠮᠦᠩᠭᠦ 1.3 ᠳ᠋ᠦᠩᠰᠢᠭᠤᠷ ᠲᠦᠬᠦᠷᠢᠭ᠌ ᠢ ᠪᠠᠭᠤᠯᠭᠠᠪᠠ᠃ ᠡᠭᠦᠨ ᠳᠤ᠂ ᠭᠠᠩ ᠲᠠᠢ ᠲᠡᠮᠡᠴᠡᠬᠦ ᠵᠠᠷᠤᠳᠠᠯ 3000 ᠲᠦᠮᠡᠨ ᠲᠦᠬᠦᠷᠢᠭ᠌᠂ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠡᠴᠡ ᠠᠪᠤᠷᠠᠬᠤ ᠮᠦᠩᠭᠦ 1 ᠳ᠋ᠦᠩᠰᠢᠭᠤᠷ ᠲᠦᠬᠦᠷᠢᠭ᠌ ᠪᠠᠭᠲᠠᠨ᠎ᠠ᠃

    ᠬᠠᠪᠤᠷ ᠡᠴᠡ ᠨᠠᠭᠠᠰᠢ᠂ ᠤᠷᠤᠨ ᠳᠠᠶᠠᠭᠠᠷ ᠤᠨ ᠶᠡᠬᠡᠩᠬᠢ ᠠᠶᠢᠮᠠᠭ ᠬᠤᠲᠠ ᠳᠤ ᠬᠤᠷ᠎ᠠ ᠲᠤᠨᠳᠠᠰᠤ ᠴᠦᠬᠡᠨ᠂ ᠤᠨᠴᠠᠭᠠᠶᠢᠯᠠᠨ ᠬᠢᠩᠭ᠋ᠠᠨ ᠠᠶᠢᠮᠠᠭ᠂ ᠲᠦ᠋ᠩᠯᠢᠶᠤᠤ ᠬᠤᠲᠠ᠂ ᠤᠯᠠᠭᠠᠨᠬᠠᠲᠠ ᠵᠡᠷᠭᠡ ᠠᠶᠢᠮᠠᠭ ᠬᠤᠲᠠ ᠶᠢᠨ ᠭᠠᠩ ᠤᠨ ᠪᠠᠶᠢᠳᠠᠯ ᠬᠡᠴᠡᠭᠦᠳᠡᠵᠤ ᠰᠠᠯᠬᠢ ᠶᠡᠬᠡᠲᠠᠢ᠂ ᠠᠭᠠᠷ ᠤᠨ ᠳᠤᠯᠠᠭᠠᠨ ᠲᠤᠭᠲᠠᠪᠤᠷᠢ ᠦᠭᠡᠢ᠂ ᠬᠦᠷᠦᠰᠤ ᠰᠢᠷᠤᠢ ᠴᠢᠭᠢᠭ᠌ ᠢᠶᠡᠨ ᠠᠯᠳᠠᠵᠤ᠂ ᠭᠠᠩ ᠤᠨ ᠪᠠᠶᠢᠳᠠᠯ ᠬᠦᠨᠳᠤ ᠨᠤᠴᠢᠲᠠᠢ ᠪᠤᠯᠵᠠᠢ᠃ ᠤᠷᠤᠨ ᠳᠠᠶᠠᠭᠠᠷ ᠤᠨ ᠭᠠᠩᠳᠠᠭᠰᠠᠨ ᠲᠠᠯᠠᠪᠠᠢ 2630 ᠲᠦᠮᠡᠨ ᠮᠦ ᠳᠤ ᠬᠦᠷᠴᠤ᠂ 647 ᠲᠦᠮᠡᠨ ᠮᠦ ᠲᠠᠷᠢᠶ᠎ᠠ᠂12 ᠲᠦᠮᠡᠨ ᠬᠦᠮᠦᠨ᠂ 101 ᠲᠦᠮᠡᠨ ᠲᠤᠯᠤᠭᠠᠢ ᠮᠠᠯ ᠤᠰᠤ ᠲᠤᠲᠠᠭᠳᠠᠬᠤ ᠪᠠᠶᠢᠳᠠᠯ ᠳᠤ ᠤᠷᠤᠭᠠᠳ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121081493