蒙古文网站Logo
ᠰᠢᠨᠬᠤᠸᠠ ᠮᠤᠩᠭ᠋ᠤᠯ ᠨᠧᠲ

2016 ᠤᠨ ᠳᠤ ᠮᠠᠨ ᠤ ᠤᠯᠤᠰ ᠤᠨ ᠬᠢᠯᠢ ᠳᠠᠮᠨᠠᠭᠰᠠᠨ ᠠᠷᠠᠯᠵᠢᠶᠠᠨ ᠤ ᠦᠷᠲᠡᠭ᠌ 5.85 ᠲᠦᠮᠡᠨ ᠳ᠋ᠦᠩᠰᠢᠭᠤᠷ ᠲᠦᠬᠦᠷᠢᠭ᠌ ᠲᠤ ᠬᠦᠷᠪᠠ

2017-06-08 16:46

    ᠰᠢᠨᠬᠤᠸᠠ ᠬᠤᠷᠢᠶ᠎ᠠ   ᠪᠡᠭᠡᠵᠢᠩ ᠤᠨ 6 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠭᠤᠤ ᠵᠢᠶᠠᠨ ᠵᠢᠶᠦ᠋ᠨ)  ᠰᠤᠷᠪᠤᠯᠵᠢᠯᠠᠭᠴᠢ 7 ᠤ ᠡᠳᠦᠷ ᠬᠤᠷᠠᠯᠳᠤᠭᠰᠠᠨ《 ᠲᠦᠷᠪᠡᠳᠦᠭᠡᠷ ᠬᠤᠭᠤᠴᠠᠭᠠᠨ ᠤ ᠪᠡᠭᠡᠵᠢᠩ ᠤᠨ ᠤᠯᠠᠨ ᠤᠯᠤᠰ ᠤᠨ ᠡᠢ᠎ᠠ ᠨᠠᠶᠢᠷᠠᠮᠳᠠᠭᠤ ᠬᠤᠳᠠᠯᠳᠤᠭᠠᠨ ᠤ ᠨᠡᠶᠢᠭᠡᠮᠯᠢᠭ᠌ ᠤᠨ ᠬᠤᠷᠠᠯ》 ᠡᠴᠡ ᠤᠶᠢᠯᠠᠭᠠᠭᠰᠠᠨ ᠢᠶᠡᠷ᠂ 2016 ᠤᠨ ᠳᠤ ᠮᠠᠨ ᠤ ᠤᠯᠤᠰ ᠤᠨ ᠬᠢᠯᠢ ᠳᠠᠮᠨᠠᠭᠰᠠᠨ ᠠᠷᠠᠯᠵᠢᠶᠠᠨ ᠤ ᠦᠷᠲᠡᠭ᠌ 5.85 ᠲᠦᠮᠡᠨ ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 28.2% ᠢᠶᠡᠷ ᠨᠡᠮᠡᠭᠳᠡᠪᠡ᠃ ᠲᠤᠰᠬᠠᠢ ᠮᠡᠷᠭᠡᠵᠢᠯᠲᠠᠨ᠂ 《 ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠨᠢ ᠮᠠᠨ ᠤ ᠤᠯᠤᠰ ᠤᠨ ᠬᠢᠯᠢ ᠳᠠᠮᠨᠠᠭᠰᠠᠨ ᠴᠠᠬᠢᠮ ᠬᠤᠳᠠᠯᠳᠤᠭᠠᠨ ᠤ ᠬᠦᠭ᠍ᠵᠢᠯᠲᠡ ᠶᠢ ᠠᠬᠢᠭᠤᠯᠤᠯ᠎ᠠ ᠭᠡᠵᠦ ᠢᠯᠡᠷᠬᠡᠶᠢᠯᠡᠭᠰᠡᠨ ᠪᠠᠶᠢᠨ᠎ᠠ᠃

    ᠳᠤᠮᠳᠠᠳᠤ ᠤᠯᠤᠰ ᠤᠨ ᠤᠯᠠᠨ ᠤᠯᠤᠰ ᠤᠨ ᠴᠠᠬᠢᠮ ᠬᠤᠳᠠᠯᠳᠤᠭᠠᠨ ᠤ ᠲᠦᠪ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠮᠢᠩ ᠲᠤᠤ ᠶᠢᠨ ᠲᠠᠨᠢᠯᠴᠠᠭᠤᠯᠤᠭᠰᠠᠨ ᠢᠶᠡᠷ᠂ ᠰᠡᠭᠦᠯ ᠤᠨ ᠵᠢᠯ ᠤᠳ ᠲᠤ ᠳᠤᠮᠳᠠᠳᠤ ᠶᠢᠨ ᠬᠢᠯᠢ ᠳᠠᠮᠨᠠᠭᠰᠠᠨ ᠬᠤᠳᠠᠯᠳᠤᠭ᠎ᠠ ᠲᠤᠭᠲᠠᠭᠤᠨ ᠦᠰᠦᠯᠲᠠ ᠪᠡᠨ ᠪᠠᠲᠤᠯᠠᠪᠠ᠃ ᠨᠢᠳᠤᠨᠤᠨ ᠮᠠᠨ ᠤ ᠤᠯᠤᠰ ᠤᠨ ᠬᠢᠯᠢ ᠳᠠᠮᠨᠠᠭᠰᠠᠨ ᠠᠷᠠᠯᠵᠢᠶᠠᠨ ᠤ ᠦᠷᠲᠡᠭ᠌ 5.85 ᠲᠦᠮᠡᠨ ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 28.2% ᠢᠶᠡᠷ ᠨᠡᠮᠡᠭᠳᠡᠨ᠂ ᠠᠷᠠᠯᠵᠢᠶᠠᠨ ᠤ ᠬᠦᠷᠢᠶ᠎ᠠ ᠴᠠᠷ᠎ᠠ ᠶᠢᠨ 21.4% ᠶᠢ ᠡᠵᠡᠯᠡᠪᠡ᠃ ᠡᠭᠦᠨ ᠳᠤ᠂ ᠬᠢᠯᠢ ᠳᠠᠮᠨᠠᠭᠰᠠᠨ ᠴᠠᠬᠢᠮ ᠬᠤᠳᠠᠯᠳᠤᠭᠠᠨ ᠤ ᠵᠢᠵᠢᠭᠯᠡᠨ ᠪᠤᠷᠤᠯᠠᠭᠤᠯᠬᠤ ᠢᠮᠫᠤᠷᠲ᠋ᠯᠠᠭᠰᠠᠨ ᠬᠡᠮᠵᠢᠶ᠎ᠠ 3060 ᠳ᠋ᠦᠩᠰᠢᠭᠤᠷ ᠲᠦᠬᠦᠷᠢᠭ᠌ ᠲᠤ ᠬᠦᠷᠴᠤ᠂ ᠡᠺᠰᠫᠤᠷᠲ᠋ᠯᠠᠭᠰᠠᠨ ᠬᠡᠮᠵᠢᠶ᠎ᠠ 9440 ᠳ᠋ᠦᠩᠰᠢᠭᠤᠷ ᠲᠦᠬᠦᠷᠢᠭ᠌ ᠲᠤ ᠬᠦᠷᠴᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121110520