蒙古文网站Logo
ᠰᠢᠨᠬᠤᠸᠠ ᠮᠤᠩᠭ᠋ᠤᠯ ᠨᠧᠲ

ᠲᠦᠷᠦᠭᠦᠦ 5 ᠰᠠᠷ᠎ᠠ ᠳᠤ ᠦᠪᠦᠷ ᠮᠣᠩᠭᠣᠯ ᠤᠨ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ 852.9 ᠳ᠋ᠦᠩᠰᠢᠭᠤᠷ ᠲᠦᠬᠦᠷᠢᠭ᠌ ᠲᠤ ᠬᠦᠷᠪᠠ

2017-06-12 11:46

    ᠲᠦᠷᠦᠭᠦᠬᠡᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠮᠡᠳᠡᠭᠡᠯᠡᠯ ᠨᠡᠶᠢᠲᠡᠯᠡᠵᠤ᠂ ᠦᠨᠦ ᠵᠢᠯ ᠤᠨ 1 ᠡᠴᠡ 5 ᠰᠠᠷ᠎ᠠ ᠳᠤ᠂ ᠦᠪᠦᠷ ᠮᠣᠩᠭᠣᠯ ᠤᠨ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ 852.9 ᠳ᠋ᠦᠩᠰᠢᠭᠤᠷ ᠲᠦᠬᠦᠷᠢᠭ᠌ ᠲᠤ ᠬᠦᠷᠴᠤ᠂ ᠤᠨ ᠤ ᠲᠦᠰᠦᠪ ᠤᠨ 41.5% ᠶᠢ ᠪᠡᠶᠡᠯᠡᠭᠦᠯᠤᠨ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 97.4 ᠳ᠋ᠦᠩᠰᠢᠭᠤᠷ ᠲᠦᠬᠦᠷᠢᠭ᠌ ᠨᠡᠮᠡᠭᠳᠡᠭᠰᠡᠨ ᠢ ᠢᠯᠡᠷᠬᠡᠶᠢᠯᠡᠪᠡ᠃

    ᠡᠳ᠋ ᠤᠨ ᠵᠠᠰᠠᠬ ᠤᠨ ᠤᠷᠤᠯᠭ᠎ᠠ ᠡᠴᠡ ᠠᠪᠴᠤ ᠦᠵᠡᠪᠡᠯ᠂ ᠪᠦᠲᠦᠴᠡ ᠨᠢ ᠠᠯᠭᠤᠷ ᠰᠠᠶᠢᠵᠢᠷᠠᠵᠤ ᠪᠠᠶᠢᠨ ᠠ᠃ 1 ᠡᠴᠡ 5 ᠰᠠᠷ᠎ᠠ ᠳᠤ᠂ ᠦᠪᠦᠷ ᠮᠣᠩᠭᠣᠯ ᠭᠠᠶᠢᠯᠢ ᠶᠢᠨ ᠤᠷᠤᠯᠭ᠎ᠠ 614.8 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 24.7% ᠪᠡᠷ ᠨᠡᠮᠡᠭᠳᠡᠪᠠ᠃ ᠭᠠᠶᠢᠯᠢ ᠡᠴᠡ ᠪᠤᠰᠤᠳ ᠤᠷᠤᠯᠭ᠎ᠠ 238.1 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 9.3% ᠪᠡᠷ ᠪᠠᠭᠤᠷᠠᠪᠠ᠃ ᠡᠭᠦᠨ ᠤ ᠬᠠᠮᠲᠤ᠂ ᠡᠯ᠎ᠠ ᠲᠦᠷᠦᠯ ᠤᠨ ᠢᠷᠭᠡᠳ ᠤᠨ ᠠᠮᠢᠵᠢᠷᠭᠠᠨ ᠤ ᠬᠦᠷᠦᠩᠭᠡ ᠤᠷᠤᠭᠤᠯᠤᠯᠲᠠ ᠶᠢᠨ ᠨᠡᠮᠡᠭᠳᠡᠯ ᠂ ᠡᠳ᠋ ᠤᠨ ᠵᠠᠰᠠᠭ ᠡᠴᠡ ᠡᠯ᠎ᠠ ᠭᠤᠤᠯᠳᠠᠯᠭ᠎ᠠ ᠲᠠᠢ ᠬᠦᠷᠢᠶ᠎ᠠ ᠴᠠᠷ᠎ᠠ ᠪᠤᠯᠤᠨ ᠡᠯ᠎ᠠ ᠲᠤᠮᠤ ᠬᠦᠷᠦᠩᠭᠡ ᠤᠷᠤᠭᠤᠯᠤᠯᠲᠠ ᠳᠡᠬᠢ ᠵᠠᠷᠤᠴᠠᠭᠤᠯᠭ᠎ᠠ ᠶᠢᠨ ᠨᠡᠮᠡᠭᠳᠡᠯ ᠵᠢᠴᠢ ᠲᠦᠪ ᠤᠨ ᠡᠳ᠋ ᠤᠨ ᠵᠠᠰᠠᠬ ᠤᠨ ᠰᠢᠯᠵᠢᠭᠦᠯᠦᠨ ᠲᠦᠯᠦᠬᠦ ᠬᠦᠴᠦᠨ ᠤ ᠨᠡᠮᠡᠭᠳᠡᠯ ᠢ ᠳᠠᠭᠠᠯᠳᠤᠨ᠂ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠵᠠᠷᠤᠯᠭ᠎ᠠ ᠪᠡᠰᠠ ᠨᠡᠮᠡᠭᠳᠡᠪᠡ᠃ ᠲᠦᠷᠦᠬᠦᠦ 5 ᠰᠠᠷ᠎ᠠ ᠳᠤ᠂ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠵᠠᠷᠤᠯᠭ᠎ᠠ 1690.5 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 228.3 ᠳ᠋ᠦᠩᠰᠢᠭᠤᠷ ᠲᠦᠬᠦᠷᠢᠭ᠌ ᠪᠤᠶᠤ 15.6% ᠪᠡᠷ ᠨᠡᠮᠡᠭᠳᠡᠭᠰᠠᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121127516