蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠡᠭᠦᠷᠡᠰᠤᠨ ᠤ ᠦᠨ᠎ᠠ ᠪᠠᠭᠤᠷᠠᠪᠠ

2017-06-13 11:11

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠲᠷᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠤᠨ ᠦᠨ᠎ᠠ ᠬᠠᠩᠰᠢ ᠶᠢᠨ ᠬᠢᠨᠠᠨ ᠬᠡᠮᠵᠢᠯᠲᠡ ᠶᠢᠨ ᠲᠦᠪ ᠡᠴᠡ ᠤᠶᠢᠯᠠᠭᠠᠭᠰᠠᠨ ᠢᠶᠡᠷ᠂ ᠦᠨᠦ ᠵᠢᠯ ᠤᠨ 5ᠰᠠᠷ᠎ᠠ ᠳᠤ᠂ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠪᠠᠭᠤᠷᠠᠯᠲᠠ ᠶᠢᠨ ᠬᠠᠨᠳᠤᠰᠢ ᠲᠠᠢ ᠪᠤᠯᠵᠤ᠂ ᠤᠷᠤᠨ ᠳᠠᠶᠠᠭᠠᠷ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠭᠠᠭᠰᠠᠨ ᠲᠤᠭᠠᠴᠠᠭᠠᠨ ᠤ ᠳᠤᠮᠳᠠᠴᠢ ᠦᠨ᠎ᠠ ᠨᠢᠭᠡ ᠰᠠᠷ᠎ᠠ ᠵᠠᠯᠭᠠᠭ᠎ᠠ ᠪᠡᠷ ᠪᠠᠭᠤᠷᠠᠪᠠ᠂ ᠦᠩᠭᠡᠷᠡᠭᠰᠡᠨ ᠡᠭᠡᠯᠵᠢ ᠶᠢᠨ ᠬᠢ ᠡᠴᠡ ᠲᠤᠰ ᠪᠦᠷᠢ 0.22%᠂ 6.3% ᠪᠤᠯᠤᠨ 0.47 % ᠪᠡᠷ ᠪᠠᠭᠤᠷᠠᠪᠠ᠃

    ᠲᠤᠭ᠎ᠠ ᠪᠦᠷᠢᠳᠭᠡᠯ ᠳᠤ ᠢᠯᠡᠷᠡᠬᠦᠯᠦᠭᠰᠡᠨ ᠢᠶᠡᠷ᠂ ᠦᠨᠦ ᠵᠢᠯ ᠤᠨ 5 ᠰᠠᠷ᠎ᠠ ᠳᠤ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠲᠤᠭᠠᠴᠠᠭᠠᠨ ᠤ ᠦᠨ᠎ᠠ ᠲᠤᠨ ᠪᠦᠷᠢ ᠳᠤ ᠪᠡᠨ 202.33 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 3.90% ᠢᠶᠡᠷ ᠪᠠᠭᠤᠷᠠᠪᠠ᠂ ᠭᠡᠪᠡᠴᠤ ᠦᠩᠭᠡᠷᠡᠭᠰᠡᠨ ᠤᠨ ᠤ ᠮᠦᠨ ᠦᠶ᠎ᠠ ᠡᠴᠡ 58.81% ᠪᠡᠷ ᠨᠡᠮᠡᠭᠳᠡᠵᠠᠢ᠃ ᠡᠭᠦᠨ ᠳᠤ᠂ ᠵᠡᠭᠦᠨ ᠬᠡᠰᠡᠭ ᠤᠨ ᠬᠦᠷᠡᠩ ᠨᠡᠭᠦᠷᠡᠰᠦᠨ ᠤ ᠠᠭᠤᠷᠬᠠᠢ ᠡᠴᠡ ᠭᠠᠷᠭᠠᠭᠰᠠᠨ ᠲᠤᠭᠠᠴᠠᠭᠠᠨ ᠤ ᠳᠤᠮᠳᠠᠴᠢ ᠦᠨ᠎ᠠ ᠲᠤᠨ ᠪᠦᠷᠢ ᠳᠤ ᠪᠡᠨ 152.98 ᠲᠦᠬᠦᠷᠢᠭ᠌ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 0.44% ᠪᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 41.31% ᠪᠡᠷ ᠨᠡᠮᠡᠭᠳᠡᠭᠰᠡᠨ ᠪᠠᠶᠢᠨ᠎ᠠ᠃ ᠤᠷᠳᠤᠰ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠭᠠᠬᠤ ᠲᠤᠭᠠᠴᠠᠭᠠᠨ ᠤ ᠳᠤᠮᠳᠠᠴᠢ ᠦᠨ᠎ᠠ ᠲᠤᠨ ᠪᠦᠷᠢ ᠳᠤ ᠪᠡᠨ 257.78 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 10.60% ᠢᠶᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 129.70% ᠢᠶᠡᠷ ᠨᠡᠮᠡᠭᠳᠡᠪᠡ᠃

    ᠠᠳᠠᠯᠢ ᠬᠤᠭᠤᠴᠠᠭᠠᠨ ᠳᠤ᠂ ᠦᠪᠦᠷ ᠮᠣᠩᠭᠣᠯ ᠤᠨ ᠴᠠᠬᠢᠯᠭᠠᠨ ᠨᠡᠭᠦᠷᠡᠰᠦᠨ ᠤ ᠳᠤᠮᠳᠠᠴᠢ ᠬᠤᠳᠠᠯᠳᠤᠨ ᠤᠷᠤᠭᠤᠯᠬᠤ ᠦᠨ᠎ᠠ ᠲᠤᠨ ᠪᠦᠷᠢ ᠳᠤ ᠪᠡᠨ 213.74 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 0.85% ᠪᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 70.87% ᠪᠡᠷ ᠨᠡᠮᠡᠭᠳᠡᠵᠠᠢ᠃

ᠢᠷᠡᠯᠳᠡ᠄ ᠡᠳ᠋ ᠤᠨ ᠵᠠᠰᠠᠬ ᠤᠨ ᠯᠠᠪᠯᠠᠯᠲᠠ ᠶᠢᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121134080