蒙古文网站Logo
ᠰᠢᠨᠬᠤᠸᠠ ᠮᠤᠩᠭ᠋ᠤᠯ ᠨᠧᠲ

《13·5》 ᠬᠦᠭ᠍ᠵᠢᠯᠲᠡ ᠶᠢᠨ ᠲᠦᠰᠦᠯ ᠤᠨ ᠬᠤᠭᠤᠴᠠᠭᠠᠨ ᠳ᠋ᠦ ᠦᠪᠦᠷ ᠮᠣᠩᠭᠣᠯ ᠤᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠬᠢ ᠶᠢ 13 ᠳ᠋ᠦᠩᠰᠢᠭᠤᠷ ᠲᠤᠨ ᠳᠤ ᠲᠤᠬᠳᠠᠪᠤᠷᠢᠵᠢᠭᠤᠯᠤᠨ᠎ᠠ

2017-06-14 11:39

    ᠰᠢᠨᠬᠤᠸᠠ ᠬᠤᠷᠢᠶ᠎ᠠ   ᠬᠦᠬᠡᠬᠤᠲᠠ ᠶᠢᠨ 6 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠫᠸᠩ ᠶᠤᠸᠠᠨ)  ᠲᠦᠷᠦᠭᠦᠬᠡᠨ᠂ ᠰᠤᠷᠪᠤᠯᠵᠢᠯᠠᠭᠴᠢ ᠦᠪᠦᠷ ᠮᠣᠩᠭᠣᠯ ᠤᠨ ᠡᠳ᠋ ᠤᠨ ᠵᠠᠰᠠᠬ ᠪᠤᠯᠤᠨ ᠰᠤᠷᠠᠭ ᠵᠠᠩᠭᠢᠴᠢᠯᠠᠭᠰᠠᠨ ᠠᠵᠢᠯ ᠤᠨ ᠵᠦᠪᠯᠡᠯ ᠡᠴᠡ ᠤᠶᠢᠯᠠᠭᠠᠭᠰᠠᠨ ᠢᠶᠡᠷ᠂ 《13·5》 ᠬᠦᠭ᠍ᠵᠢᠯᠲᠡ ᠶᠢᠨ ᠲᠦᠰᠦᠯ ᠤᠨ ᠬᠤᠭᠤᠴᠠᠭᠠᠨ ᠳᠤ᠂ ᠦᠪᠦᠷ ᠮᠣᠩᠭᠣᠯ ᠨᠡᠭᠦᠷᠡᠰᠦᠨ ᠤ ᠠᠵᠦ ᠦᠢᠯᠡᠳᠪᠦᠷᠢ ᠶᠢᠨ ᠰᠢᠨ᠎ᠠ ᠳᠠᠪᠠᠭᠤᠯᠢᠭ ᠢ ᠳᠠᠬᠢᠨ ᠪᠤᠢ ᠪᠤᠯᠭᠠᠵᠦ᠂ 2020 ᠤᠨ ᠪᠤᠯᠬᠤ ᠳᠤ ᠤᠷᠤᠨ ᠳᠠᠶᠠᠭᠠᠷ ᠤᠨ ᠨᠡᠭᠦᠷᠡᠰᠦᠨ ᠤ ᠠᠭᠤᠷᠬᠠᠢ  ᠶᠢ 550 ᠤᠨ ᠳᠤᠲᠤᠷ᠎ᠠ ᠪᠠᠶᠢᠯᠭᠠᠵᠤ᠂ ᠦᠢᠯᠡᠳᠪᠦᠷᠢᠯᠡᠯ ᠤᠨ ᠴᠢᠳᠡᠪᠬᠢ ᠶᠢ 13 ᠳ᠋ᠦᠩᠰᠢᠭᠤᠷ ᠲᠤᠨ ᠤᠷᠴᠢᠮ ᠳᠤ ᠪᠠᠢᠢᠯᠭᠠᠵᠦ᠂ ᠠᠶᠤᠯᠭᠦᠢ ᠦᠨᠳᠦᠷ ᠪᠦᠲᠦᠮᠵᠢᠲᠤ ᠦᠢᠯᠡᠳᠪᠦᠷᠢᠯᠡᠯ ᠤᠨ ᠴᠢᠳᠠᠪᠬᠢ ᠶᠢᠨ ᠬᠠᠷᠢᠴᠠᠯ ᠢ 90% ᠳᠤ ᠬᠦᠷᠭᠡᠨ᠎ᠠ ᠃

    ᠤᠳᠤᠬᠠᠨ ᠳᠤ ᠤᠯᠤᠰ ᠳᠠᠶᠠᠭᠠᠷ ᠤᠨ ᠨᠡᠭᠦᠷᠡᠰᠦᠨ ᠤ ᠶᠡᠷᠦᠩᠬᠡᠢ ᠦᠢᠯᠡᠳᠪᠦᠷᠢᠯᠡᠯ ᠤᠨ ᠴᠢᠳᠠᠪᠬᠢ 57 ᠳ᠋ᠦᠩᠰᠢᠭᠤᠷ ᠲᠤᠨ ᠳᠤ ᠬᠦᠷᠴᠤ᠂ ᠤᠷᠢᠳᠴᠢᠯᠠᠨ ᠲᠤᠭᠠᠴᠠᠭᠠᠯᠠᠭᠰᠠᠨ ᠢᠶᠡᠷ 2 ᠳ᠋ᠦᠩᠰᠢᠭᠤᠷ ᠲᠤᠨ ᠨᠡᠭᠦᠷᠡᠰᠤ ᠴᠡᠪᠡᠷ ᠡᠺᠰᠫᠤᠷᠲ᠋ᠯᠠᠵᠤ᠂ ᠤᠯᠤᠰ ᠤᠨ ᠳᠤᠲᠤᠭᠠᠳᠤᠬᠢ ᠨᠡᠭᠦᠷᠡᠰᠦᠨ ᠤ ᠵᠠᠬ᠎ᠠ ᠵᠡᠭᠡᠯᠢ ᠶᠢᠨ ᠤᠷᠤᠨ ᠵᠠᠢ ᠨᠢ 37 ᠡᠴᠡ 39 ᠳ᠋ᠦᠩᠰᠢᠭᠤᠷ ᠲᠤᠨ ᠤ ᠬᠤᠭᠤᠷᠤᠨᠲᠤ ᠪᠠᠶᠢᠳᠠᠭ ᠡᠴᠡ ᠦᠢᠯᠡᠳᠪᠦᠷᠢᠯᠡᠯ ᠤᠨ ᠴᠢᠳᠠᠪᠬᠢ ᠶᠡᠬᠡᠪᠡᠷ ᠢᠯᠡᠭᠦᠳᠡᠵᠤ ᠪᠠᠶᠢᠨ᠎ᠠ᠃ 2020 ᠤᠨ ᠳᠤ ᠤᠯᠤᠰ ᠤᠨ ᠳᠤᠲᠤᠭᠠᠲᠤ ᠶᠢᠨ ᠨᠡᠭᠦᠷᠡᠰᠦᠨ ᠤ ᠭᠠᠷᠤᠯᠲᠠ ᠶᠢ 39 ᠳ᠋ᠦᠩᠰᠢᠭᠤᠷ ᠲᠤᠨ ᠳᠤ ᠬᠢᠵᠠᠭᠠᠷᠯᠠᠬᠤ ᠪᠡᠷ ᠪᠤᠢ᠃

    ᠦᠪᠦᠷ ᠮᠣᠩᠭᠣᠯ ᠤᠨ ᠡᠳ᠋ ᠤᠨ ᠵᠠᠰᠠᠬ ᠪᠤᠯᠤᠨ ᠰᠤᠷᠠᠭ ᠵᠠᠩᠭᠢᠴᠢᠯᠠᠭᠰᠠᠨ ᠠᠵᠢᠯ ᠤᠨ ᠵᠦᠪᠯᠡᠯ ᠤᠨ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ 2020 ᠤᠨ ᠪᠤᠯᠬᠤ ᠳᠤ᠂ ᠦᠪᠦᠷ ᠮᠣᠩᠭᠣᠯ ᠨᠡᠭᠦᠷᠡᠰᠦ ᠴᠠᠬᠢᠯᠭᠠᠨ᠂ ᠨᠡᠭᠦᠷᠡᠰᠤ ᠬᠢᠮᠢ᠂ ᠨᠡᠭᠦᠷᠡᠰᠦ ᠴᠠᠬᠢᠯᠭᠠᠨ ᠤ ᠲᠡᠮᠦᠷᠯᠢᠭ᠌ ᠢ ᠨᠢᠭᠡ ᠴᠤᠭᠴᠠᠯᠵᠢᠭᠤᠯᠬᠤ ᠨᠤᠷᠮ᠎ᠠ ᠶᠢ 85% ᠡᠴᠡ ᠳᠡᠭᠡᠭ᠍ᠰᠢ ᠳᠤ ᠬᠦᠷᠭᠡᠵᠤ᠂ ᠨᠡᠭᠦᠷᠡᠰᠦᠨ ᠤ ᠭᠠᠵᠠᠷ ᠳᠡᠭᠡᠷ᠎ᠠ ᠨᠢ ᠬᠤᠪᠢᠷᠠᠭᠤᠯᠬᠤ ᠨᠤᠷᠮ᠎ᠠ ᠶᠢ 50% ᠤᠷᠴᠢᠮ ᠳ᠋ᠦ ᠬᠦᠷᠭᠡᠨ᠎ᠠ᠃ ᠡᠭᠦᠨ ᠤ ᠬᠠᠮᠲᠤ᠂ ᠠᠶᠤᠯᠭᠦᠢ ᠶᠢᠨ ᠪᠤᠭᠤᠮᠲᠠ ᠶᠢ ᠴᠢᠩᠭ᠋᠎ᠠ ᠰᠠᠬᠢᠵᠤ᠂ ᠬᠦᠨᠲᠤ ᠶᠡᠬᠡ ᠠᠶᠤᠯᠭᠦᠢ ᠶᠢᠨ ᠬᠡᠷᠡᠭ ᠡᠭᠦᠰᠬᠦ ᠢᠢ ᠬᠤᠷᠢᠭᠯᠠᠵᠤ᠂ ᠶᠡᠬᠡ ᠤᠰᠤᠯ ᠢ ᠡᠷᠬᠡᠰᠢᠶᠡᠵᠤ᠂ ᠡᠩ ᠤᠨ ᠤᠰᠤᠯ ᠢ ᠪᠠᠭᠠᠰᠬᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121141352