蒙古文网站Logo
ᠰᠢᠨᠬᠤᠸᠠ ᠮᠤᠩᠭ᠋ᠤᠯ ᠨᠧᠲ

1-5 ᠰᠠᠷ᠎ᠠ ᠳᠤ ᠰᠢᠯᠢ ᠶᠢᠨ ᠭᠤᠤᠯ ᠠᠶᠢᠮᠠᠭ ᠤᠨ ᠭᠤᠤᠯ ᠪᠤᠯᠬᠤ ᠡᠳ᠋ ᠤᠨ ᠵᠠᠰᠠᠬ ᠤᠨ ᠵᠢᠭᠠᠯᠲᠠ ᠲᠤᠭ᠎ᠠ ᠶᠢ ᠪᠡᠶᠡᠯᠡᠭᠦᠯᠦᠭᠰᠡᠨ ᠪᠠᠶᠢᠳᠠᠯ

2017-06-15 16:36

    1-5 ᠰᠠᠷ᠎ᠠ ᠳᠤ᠂ ᠰᠢᠯᠢ ᠶᠢᠨ ᠭᠤᠤᠯ ᠠᠶᠢᠢᠮᠠᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ᠌ ᠤᠨ ᠪᠡᠶᠡᠯᠡᠭᠦᠯᠦᠭᠰᠡᠨ ᠪᠠᠶᠢᠳᠠᠯ ᠤᠷᠢᠳᠴᠢᠯᠠᠨ ᠲᠤᠭᠠᠴᠠᠭᠠᠯᠠᠭᠰᠠᠨ ᠢᠶᠡᠷ 328.9 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠡ ᠡᠴᠡ 6.5% ᠪᠡᠷ ᠨᠡᠮᠡᠭᠳᠡᠪᠡ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ ᠤᠷᠢᠳᠴᠢᠯᠠᠨ ᠲᠤᠭᠠᠴᠠᠭᠠᠯᠠᠰᠠᠨ ᠢᠶᠡᠷ 9.4 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠡ᠎ ᠡᠴᠡ 3.1% ᠪᠡᠷ ᠨᠡᠮᠡᠭᠳᠡᠪᠡ᠃ ᠬᠤᠶᠠᠳᠤᠭᠠᠷ ᠠᠵᠤ ᠠᠵᠤ ᠦᠢᠯᠡᠰ ᠤᠨ ᠨᠡᠮᠡᠭᠳᠡᠯ ᠦᠷᠲᠡᠭ ᠤᠷᠢᠳᠴᠢᠯᠠᠨ ᠲᠤᠭᠠᠴᠠᠭᠠᠯᠠᠰᠠᠨ ᠢᠶᠡᠷ 214.7 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ ᠡ᠎ ᠡᠴᠡ 5.6% ᠪᠡᠷ ᠨᠡᠮᠡᠭᠳᠡᠵᠠᠢ᠃ ᠡᠭᠦᠨ ᠳᠤ᠂ ᠪᠦᠬᠦᠢᠯᠡ ᠠᠵᠤ ᠦᠢᠯᠡᠤᠪᠦᠷᠢ ᠶᠢᠨ ᠨᠡᠮᠡᠭᠳᠡᠯ ᠦᠷᠲᠡᠭ ᠤᠷᠢᠳᠴᠢᠯᠠᠨ ᠲᠤᠭᠠᠴᠠᠭᠠᠯᠠᠰᠠᠨ ᠢᠶᠡᠷ 201.9 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠡ᠎ ᠡᠴᠡ 5.9 % ᠪᠡᠷ ᠨᠡᠮᠡᠭᠳᠡᠨ᠂ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠷᠢᠳᠴᠢᠯᠠᠨ ᠲᠤᠭᠠᠴᠠᠭᠠᠯᠠᠰᠠᠨ ᠢᠶᠡᠷ 182.6 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ᠎ ᠡᠴᠡ 6.5 % ᠪᠡᠷ ᠨᠡᠮᠡᠭᠳᠡᠭᠰᠡᠨ ᠪᠠᠶᠢᠨ᠎ᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ  ᠦᠷᠲᠡᠭ ᠤᠷᠢᠳᠴᠢᠯᠠᠨ ᠲᠤᠭᠠᠴᠠᠭᠠᠯᠠᠰᠠᠨ ᠢᠶᠡᠷ 104.8 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠡ ᠡᠴᠡ 8.7 % ᠪᠡᠷ ᠨᠡᠮᠡᠭᠳᠡᠪᠠ᠃ ᠰᠢᠯᠢ ᠶᠢᠨ ᠭᠤᠤᠯ ᠠᠶᠢᠮᠠᠭ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠤᠷᠢᠳᠴᠢᠯᠠᠨ ᠲᠤᠭᠠᠴᠠᠭᠠᠯᠠᠭᠰᠠᠨ ᠢᠶᠡᠷ 113.7 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠡ᠎ ᠡᠴᠡ 13.1 % ᠪᠡᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠦᠷᠲᠡᠭ ᠤᠷᠢᠳᠴᠢᠯᠠᠨ ᠲᠤᠭᠠᠴᠠᠭᠠᠯᠠᠭᠰᠠᠨ ᠢᠶᠡᠷ 93.54 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 9.0 % ᠪᠡᠷ ᠨᠡᠮᠡᠭᠳᠡᠵᠤ᠂ ᠨᠡᠶᠢᠲᠡ ᠶᠢᠨ ᠰᠠᠩᠭᠦᠤ ᠡᠳ᠋ ᠤᠨ ᠵᠠᠰᠠᠭ ᠤᠨ ᠤᠷᠤᠯᠭ᠎ᠠ ᠤᠷᠢᠳᠴᠢᠯᠠᠨ ᠲᠤᠭᠠᠴᠠᠭᠠᠯᠠᠭᠰᠠᠨ ᠢᠶᠡᠷ 38.24 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 4.9% ᠪᠡᠷ ᠪᠠᠭᠤᠷᠠᠵᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121150375