蒙古文网站Logo
ᠰᠢᠨᠬᠤᠸᠠ ᠮᠤᠩᠭ᠋ᠤᠯ ᠨᠧᠲ

ᠦᠬᠠᠢ ᠬᠤᠲᠠ 2017 ᠤᠨ ᠳᠤ 1 ᠡᠴᠡ 5 ᠰᠠᠷ᠎ᠠ ᠳᠤ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ 17.14% ᠪᠡᠷ ᠨᠡᠮᠡᠭᠳᠡᠪᠡ

2017-06-19 16:38

    2017 ᠤᠨ ᠤ 1 ᠡᠴᠡ 5 ᠰᠠᠷ᠎ᠠ ᠳᠤ᠂ ᠦᠬᠠᠢ ᠬᠤᠲᠠ ᠶᠢᠨ ᠲᠤᠭᠲᠠᠮᠠᠯ ᠪᠤᠰᠤ ᠬᠦᠷᠦᠩᠭᠡ ᠶᠢᠨ ᠬᠦᠷᠦᠩᠭᠡ ᠤᠷᠤᠭᠤᠯᠤᠯᠲᠠ ( ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ) 723311 ᠲᠦᠮᠡᠨ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 17.14% ᠪᠡᠷ ᠨᠡᠮᠡᠭᠳᠡᠵᠠᠢ᠃ ᠠᠵᠢᠯ ᠲᠦᠷᠦᠯ ᠤᠨ ᠬᠤᠪᠢᠶᠠᠷᠢᠯᠠᠯ ᠡᠴᠡ ᠠᠪᠴᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠬᠦᠷᠦᠩᠭᠡ ᠤᠷᠤᠭᠤᠯᠤᠯᠲᠠ 4813 ᠲᠦᠮᠡᠨ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 5.5 ᠲᠠᠬᠢᠨ ᠢᠶᠡᠷ ᠨᠡᠮᠡᠭᠳᠡᠵᠤ᠂ 1 ᠡᠴᠡ 5ᠰᠠᠷ᠎ᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ ᠬᠠᠷᠢᠴᠠᠯ ᠤᠨ 0.67% ᠶ᠋ᠢ ᠡᠵᠡᠯᠡᠪᠠ᠃ ᠬᠤᠶᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ 413403 ᠲᠦᠮᠡᠨ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 71.33% ᠪᠡᠷ ᠨᠡᠮᠡᠭᠳᠡᠵᠤ᠂ 1 ᠡᠴᠡ 5 ᠰᠠᠷ᠎ᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ ᠬᠠᠷᠢᠴᠠᠯ ᠤᠨ 57.15% ᠶ᠋ᠢ ᠡᠵᠡᠯᠡᠵᠠᠢ᠃ ᠭᠤᠷᠪᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ 305095 ᠲᠦᠮᠡᠨ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 18.74% ᠪᠡᠷ ᠪᠠᠭᠤᠷᠠᠵᠤ᠂ 1 ᠡᠴᠡ 5 ᠰᠠᠷ᠎ᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ ᠬᠠᠷᠢᠴᠠᠯ ᠤᠨ 42.18% ᠶ᠋ᠢ ᠡᠵᠡᠯᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121171185