蒙古文网站Logo
ᠰᠢᠨᠬᠤᠸᠠ ᠮᠤᠩᠭ᠋ᠤᠯ ᠨᠧᠲ

ᠡᠮᠦᠨ᠎ᠠ ᠲᠠᠪᠤᠨ ᠰᠠᠷ᠎᠎ᠠ ᠳᠤ ᠦᠪᠦᠷ ᠮᠣᠩᠭᠣᠯ ᠤᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 6.4%ᠪᠡᠷ ᠨᠡᠮᠡᠭᠳᠡᠪᠡ

2017-06-22 11:43

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠬᠠᠮᠤᠭ ᠤᠨ ᠰᠢᠨ᠎ᠠ ᠮᠡᠳᠡᠭᠡᠯᠡᠯ ᠢ ᠦᠨᠳᠦᠰᠦᠯᠡᠪᠡᠯ᠂ ᠲᠦᠷᠦᠭᠦᠦ ᠲᠠᠪᠤᠨ ᠰᠠᠷ᠎ᠠ᠎ ᠳᠤ᠂ ᠤᠷᠤᠨ ᠳᠠᠶᠠᠭᠠᠷ ᠤᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 6.4%ᠪᠡᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ 1 ᠡᠴᠡ 4 ᠰᠠᠷ᠎ᠠ ᠤᠨ ᠳᠤᠮᠳᠠᠴᠢ ᠨᠡᠮᠡᠭᠳᠡᠯ ᠤᠨ ᠬᠤᠷᠳᠤᠴᠠ ᠡᠴᠡ ᠵᠠᠭᠤᠨ ᠤ ᠬᠠᠷᠢᠴᠠᠯ ᠢᠶᠡᠷ 0.2 ᠢᠶᠡᠷ ᠨᠡᠮᠡᠭᠳᠡᠵᠠᠢ᠃

    ᠬᠦᠩᠭᠡᠨ ᠠᠵᠤ ᠦᠢᠯᠡᠳᠪᠦᠷᠢ ᠡᠴᠡ ᠠᠪᠴᠤ ᠦᠵᠡᠪᠡᠯ᠂ 1 ᠡᠴᠡ 5 ᠰᠠᠷ᠎᠎ᠠ ᠳᠤ᠂ ᠤᠷᠤᠨ ᠳᠠᠶᠠᠭᠠᠷ ᠤᠨ ᠬᠦᠩᠭᠡᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ  ᠦᠩᠭᠡᠷᠡᠭᠰᠡᠨ ᠤᠨ ᠤ ᠮᠦᠨ ᠦᠶ᠎ᠠ ᠡᠴᠡ 7.5% ᠪᠡᠷ ᠨᠡᠮᠡᠭᠳᠡᠪᠠ᠃ ᠬᠦᠨᠲᠤ ᠠᠵᠤ ᠦᠢᠯᠡᠳᠪᠦᠷᠢ ᠶᠢᠨ ᠨᠡᠮᠡᠭᠳᠡᠯ ᠦᠷᠲᠡᠭ  ᠦᠩᠭᠡᠷᠡᠭᠰᠡᠨ ᠤᠨ ᠤ ᠮᠦᠨ ᠦᠶ᠎ᠠ ᠡᠴᠡ 6.2%  ᠢᠢᠡᠷ ᠨᠡᠮᠡᠭᠳᠡᠵᠠᠢ᠃ ᠭᠤᠤᠯ ᠪᠤᠯᠬᠤ ᠲᠤᠯᠭᠠᠭᠤᠷᠢ ᠠᠵᠤ ᠦᠢᠯᠡᠰ ᠡᠴᠡ ᠠᠪᠴᠤ ᠦᠵᠡᠪᠡᠡᠯ᠂ 1 ᠡᠴᠡ 5ᠰᠠᠷ᠎ᠠ ᠳᠤ᠂ ᠤᠷᠤᠨ ᠳᠠᠶᠠᠭᠠᠷ ᠤᠨ ᠡᠷᠴᠢᠮ ᠬᠦᠴᠦᠨ ᠤ ᠠᠵᠤ ᠦᠢᠯᠡᠳᠪᠦᠷᠢ ᠶᠢᠨ ᠨᠡᠮᠡᠭᠳᠡᠯ ᠦᠷᠲᠡᠭ  ᠦᠩᠭᠡᠷᠡᠭᠰᠡᠨ ᠤᠨ ᠤ ᠮᠦᠨ ᠦᠶ᠎ᠠ ᠡᠴᠡ 6.6% ᠪᠡᠷ ᠨᠡᠮᠡᠭᠳᠡᠵᠤ᠂ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠪᠢ ᠨᠠᠮᠠᠷᠢ 45.8% ᠳᠤ ᠬᠦᠷᠴᠠᠢ᠃ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠪᠤᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠲᠡᠭ ᠦᠩᠭᠡᠷᠡᠭᠰᠨ ᠤᠨ ᠤ ᠮᠦᠨ ᠦᠶ᠎ᠠ ᠡᠴᠡ 11.2% ᠶᠢᠡᠷ ᠨᠡᠮᠡᠭᠳᠡᠵᠤ᠂ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠪᠢ ᠨᠠᠮᠠᠷᠢ 24.8% ᠳᠤ ᠬᠦᠷᠪᠠ᠃ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠲᠡᠭ ᠦᠩᠭᠡᠷᠡᠭᠰᠨ ᠤᠨ ᠤ ᠮᠦᠨ ᠦᠶ᠎ᠠ ᠡᠴᠡ 28.6% ᠪᠡᠷ ᠨᠡᠮᠡᠭᠳᠡᠵᠤ᠂ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠪᠢ ᠨᠠᠮᠠᠷᠢ 21.0% ᠲᠤ ᠬᠦᠷᠤᠭ᠍ᠰᠡᠨ ᠪᠠᠶᠢᠨ᠎ᠠ᠃ ᠪᠦᠲᠦᠭᠡᠭ᠍ᠲᠡᠬᠦᠨ ᠤ ᠭᠠᠷᠤᠯᠲᠠ ᠡᠴᠡ ᠠᠪᠴᠤ ᠦᠵᠡᠪᠡᠯ᠂ 1 ᠡᠴᠡ 5 ᠰᠠᠷ᠎ᠠ ᠳᠤ᠂ ᠤᠷᠤᠨ ᠳᠠᠶᠠᠭᠠᠷ ᠤᠨ ᠬᠡᠪᠴᠢᠶᠡᠨ᠎ᠠ ᠪᠦᠷᠢᠳᠭᠡᠭ᠍ᠰᠡᠨ 29 ᠲᠦᠷᠦᠯ ᠤᠨ ᠭᠤᠤᠯ ᠪᠤᠯᠬᠤ ᠠᠵᠤ ᠦᠢᠯᠡᠳᠪᠦᠷᠢ ᠶᠢᠨ ᠪᠦᠲᠦᠭᠡᠭ᠍ᠲᠡᠭᠦᠨ ᠤ ᠭᠠᠷᠤᠯᠲᠠ ᠳᠤ᠂ 19 ᠲᠦᠷᠦᠯ ᠤᠨ ᠠᠵᠤ ᠦᠢᠯᠡᠳᠪᠦᠷᠢ ᠶᠢᠨ ᠭᠠᠷᠤᠯᠲᠠ ᠲᠤᠭᠲᠠᠭᠤᠨ ᠦᠰᠦᠯᠲᠡ ᠪᠡᠨ ᠪᠠᠲᠤᠯᠠᠵᠤ᠂ ᠭᠤᠤᠯ ᠪᠤᠯᠬᠤ ᠠᠵᠤ ᠦᠢᠯᠡᠳᠪᠦᠷᠢ ᠶᠢᠨ ᠲᠦᠷᠦᠯ ᠵᠦᠢᠯ ᠤᠨ 65.5% ᠶᠢ ᠡᠵᠡᠯᠡᠪᠡ᠃ ᠡᠭᠦᠨ ᠳᠤ᠂ ᠨᠡᠭᠦᠷᠡᠰᠦᠨ ᠤ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 13.4% ᠪᠡᠷ ᠨᠡᠮᠡᠭᠳᠡᠵᠤ᠂ ᠰᠢᠷᠡᠮᠤ ᠶᠢᠨ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 11.7% ᠪᠡᠷ ᠨᠡᠮᠡᠭᠳᠡᠨ᠂ ᠪᠦᠲᠦᠭᠦᠯᠢᠭ᠌ ᠪᠤᠯᠤᠳ ᠤᠨ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 8.7% ᠪᠡᠷ ᠨᠡᠮᠡᠭᠳᠡᠵᠠᠢ᠃ ᠪᠤᠯᠤᠳ ᠮᠠᠲ᠋ᠸᠷᠢᠶᠠᠯ ᠤᠨ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 9.6% ᠪᠡᠷ ᠨᠡᠮᠡᠭᠳᠡᠵᠤ᠂ ᠲᠠᠩ ᠲᠠᠯᠠᠰᠲᠤ ᠴᠠᠬᠢᠭᠤᠷ ᠤᠨ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 73.5% ᠪᠡᠷ ᠨᠡᠮᠡᠭᠳᠡᠨ᠂ ᠬᠢᠮᠢ ᠶᠢᠨ ᠪᠤᠷᠳᠤᠭᠤᠷ ᠤᠨ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 21.3% ᠪᠡᠷ ᠨᠡᠮᠡᠭᠳᠡᠵᠤ᠂ ᠰᠦ᠋  ᠶᠢᠨ ᠪᠦᠲᠦᠭᠡᠭ᠍ᠲᠡᠬᠦᠨ ᠤᠨ ᠭᠠᠷᠤᠯᠲᠠ ᠦᠩᠭᠡᠷᠡᠭᠰᠡᠨ ᠤᠨ ᠤ ᠮᠦᠨ ᠦᠶ᠎ᠠ ᠡᠴᠡ 12.9% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121191058