蒙古文网站Logo
ᠰᠢᠨᠬᠤᠸᠠ ᠮᠤᠩᠭ᠋ᠤᠯ ᠨᠧᠲ

2017 ᠤᠨ ᠤ ᠦᠪᠦᠷ ᠮᠣᠩᠭᠣᠯ ᠤᠨ ᠨᠡᠭᠦᠷᠡᠰᠦᠨ ᠤ ᠠᠵᠤ ᠦᠢᠯᠡᠰ ᠦᠢᠯᠡᠳᠪᠦᠷᠢᠯᠡᠯ ᠤᠨ ᠴᠢᠳᠠᠪᠬᠢ ᠶᠢ ᠪᠠᠭᠤᠷᠠᠭᠤᠯᠬᠤ ᠬᠠᠷᠠᠯᠲᠠ ᠶᠢᠨ 81.5% ᠶ᠋ᠢ ᠪᠠᠶᠠᠯᠠᠭᠦᠯᠪᠠ

2017-06-23 11:05

    ᠰᠡᠭᠦᠯ ᠤᠨ ᠦᠶ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ 2017 ᠤᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠬᠢ ᠶᠢ ᠪᠠᠭᠤᠷᠠᠭᠤᠯᠬᠤ ᠪᠡᠷ ᠵᠤᠭᠰᠤᠭᠠᠭᠰᠠᠨ ᠪᠦᠰᠡ ᠨᠤᠳᠤᠬ ᠤᠨ16 ᠨᠡᠭᠦᠷᠡᠰᠦᠨ ᠠᠭᠤᠷᠬᠠᠢ ᠳᠤ ᠬᠢᠨᠠᠨ ᠪᠠᠶᠢᠴᠠᠭᠠᠯᠲᠠ ᠬᠢᠪᠠ᠂ ᠡᠭᠦᠨ ᠳᠤ᠂ ᠵᠢᠯ ᠳᠤ 660 ᠲᠦᠮᠡᠨ ᠲᠤᠨ ᠨᠡᠭᠦᠷᠡᠰᠦᠨ ᠤ ᠭᠠᠷᠤᠯᠲᠠ ᠲᠠᠢ 14 ᠠᠭᠤᠷᠬᠠᠢ ᠶᠢ ᠬᠠᠭᠠᠵᠤ᠂ ᠤᠨ ᠤ ᠵᠤᠭᠰᠤᠭᠠᠬᠤ ᠲᠦᠯᠦᠪᠯᠡᠭᠡ ᠶᠢᠨ 81.5% ᠶᠢ ᠪᠡᠶᠡᠯᠡᠭᠦᠯᠦᠭᠰᠡᠨ ᠪᠠᠶᠢᠨ᠎ᠠ᠃ ᠦᠨᠦ ᠵᠢᠯ ᠦᠪᠦᠷ ᠮᠣᠩᠭᠣᠯ《 ᠵᠤᠬᠰᠤᠭᠠᠬᠤ ᠴᠢᠬᠤᠯᠠᠳᠡᠢ ᠶᠢ ᠪᠦᠬᠦᠨ ᠢ ᠵᠤᠬᠰᠤᠭᠠᠵᠦ᠂ ᠵᠤᠬᠰᠤᠭᠠᠵᠤ ᠪᠤᠯᠬᠤ ᠶᠢ ᠨᠢ ᠡᠷᠳᠡ ᠵᠤᠬᠰᠤᠭᠠᠬᠤ》ᠵᠠᠷᠴᠢᠮ  ᠤᠨ ᠳᠠᠭᠠᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠬᠢ ᠶᠢ ᠪᠠᠭᠤᠷᠠᠭᠤᠯᠬᠤ ᠬᠠᠷᠠᠯᠲᠠ ᠶᠢ ᠨᠠᠶᠢᠳᠠᠪᠤᠷᠢᠵᠢᠭᠤᠯᠤᠨ᠂ ᠤᠷᠤᠨ ᠳᠠᠶᠭᠠᠠᠷ ᠤᠨ ᠪᠦᠰᠡ ᠨᠤᠲᠤᠭ ᠤᠨ 16 ᠨᠡᠭᠦᠷᠡᠰᠦᠨ ᠤ ᠠᠭᠤᠷᠬᠠᠢ ᠶᠢ ᠵᠤᠭᠰᠤᠭᠠᠵᠤ᠂ ᠤᠯᠤᠰ ᠤᠨ ᠲᠤᠭᠲᠠᠭᠠᠭᠰᠠᠨ ᠲᠦᠯᠦᠪᠯᠡᠭᠡᠲᠤ ᠲᠦᠰᠦᠯ ᠡᠴᠡ 12 ᠢᠯᠡᠭᠦᠤ᠂ ᠦᠢᠯᠡᠳᠪᠦᠷᠢᠯᠡᠯ ᠤᠨ ᠴᠢᠳᠠᠪᠬᠢ ᠨᠢ ᠵᠢᠯ ᠳᠤ 690 ᠲᠦᠮᠡᠨ ᠲᠤᠨ ᠳᠤ ᠬᠦᠷᠴᠤ ᠪᠤᠢ᠃ ᠲᠤᠰ ᠲᠦᠰᠦᠯ  ᠪᠡᠶᠡᠯᠡᠭᠰᠡᠨ ᠤ ᠳᠠᠷᠠᠭ᠎ᠠ《 13·5》 ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳᠡᠬᠢ ᠦᠪᠦᠷ ᠮᠣᠩᠭᠣᠯ ᠤᠨ ᠨᠡᠭᠦᠷᠡᠰᠦᠨ ᠤ ᠠᠵᠤ ᠦᠢᠯᠡᠰ ᠤᠨ ᠦᠢᠯᠡᠳᠪᠦᠷᠢᠯᠡᠯ ᠤᠨ ᠴᠢᠳᠠᠪᠬᠢ ᠶᠢ ᠪᠠᠭᠤᠷᠠᠭᠤᠯᠬᠤ ᠬᠠᠷᠠᠯᠲᠠ ᠶᠢᠨ 67% ᠶᠢ ᠪᠠᠶᠠᠯᠠᠭᠦᠯᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121197751