蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠮᠠᠨᠵᠤᠤᠷ ᠤᠨ ᠤᠯᠠᠨ ᠤᠯᠤᠰ ᠤᠨ ᠭᠦᠢᠯᠭᠡᠭᠡᠨ ᠤ ᠬᠦᠷᠢᠶᠡᠯᠡᠩ ᠢᠶᠡᠷ ᠦᠩᠭᠡᠷᠡᠭᠰᠡᠨ ᠪᠠᠷᠠᠭᠠᠨ ᠤ ᠬᠡᠮᠵᠢᠶ᠎ᠠ 200 ᠲᠦᠮᠡᠨ ᠲᠤᠨ ᠳᠤ ᠬᠦᠷᠪᠠ

2017-06-27 11:19

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠮᠠᠨᠵᠤᠤᠷ ᠬᠤᠲᠠ ᠶᠢᠨ ᠵᠠᠰᠠᠭ ᠤᠨ ᠤᠷᠳᠤᠨ 26 ᠤ ᠡᠳᠦᠷ ᠨᠡᠶᠢᠲᠡᠯᠡᠭᠰᠡᠨ ᠢᠶᠡᠷ᠂ ᠦᠨᠦ ᠵᠢᠯ ᠤᠨ ᠲᠦᠷᠦᠭᠦᠦ ᠲᠠᠪᠤᠨ ᠰᠠᠷ᠎ᠠ ᠳᠤ ᠮᠠᠨᠵᠤᠤᠷ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢᠶᠡᠷ ᠦᠩᠭᠡᠷᠡᠭᠰᠡᠨ ᠪᠠᠷᠠᠭᠠᠨ ᠤ ᠬᠡᠮᠵᠢᠶ᠎ᠠ 200 ᠲᠦᠮᠡᠨ ᠲᠤᠨ ᠳᠤ ᠬᠦᠷᠴᠤ᠂ ᠶᠡᠷᠦᠩᠬᠡᠢ ᠦᠷᠲᠡᠭ ᠨᠢ 5 ᠳ᠋ᠦᠩᠰᠢᠭᠤᠷ ᠲᠦᠬᠦᠷᠢᠭ᠌ ᠬᠦᠷᠪᠡ᠃

    ᠮᠠᠨᠵᠤᠤᠷ ᠬᠤᠲᠠ ᠶᠢᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠦᠨᠳᠦᠰᠦᠯᠡᠪᠡᠯ᠂ ᠦᠨᠦ ᠵᠢᠯ ᠤᠨ ᠪᠠᠷᠠᠭᠠᠨ ᠤ ᠬᠦᠢᠯᠭᠡᠭᠡᠨ ᠤ ᠬᠡᠮᠵᠢᠶ᠎ᠠ 1000 ᠲᠦᠮᠡᠨ ᠲᠤᠨ ᠳᠤ ᠬᠦᠷᠬᠦ ᠪᠤᠯᠤᠨ᠎ᠠ ᠭᠡᠵᠤ ᠲᠤᠰ ᠬᠦᠷᠢᠶᠡᠯᠡᠩ ᠤᠷᠢᠳᠴᠢᠯᠠᠨ ᠲᠤᠭᠠᠴᠠᠭᠠᠯᠠᠵᠠᠢ᠃

    ᠲᠤᠰ ᠬᠦᠷᠢᠶᠡᠯᠠᠩ ᠨᠢ 2014 ᠤᠨ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠡᠷ ᠪᠠᠶᠢᠭᠤᠯᠤᠭᠳᠠᠭᠰᠠᠨ ᠪᠤᠭᠤᠮᠲᠠ ᠶᠢᠨ ᠡᠳ᠋ ᠤᠨ ᠵᠠᠰᠠᠭ ᠤᠨ ᠴᠢᠳᠠᠮᠵᠢᠲᠤ ᠬᠦᠷᠢᠶᠡᠯᠡᠩ ᠪᠤᠯᠬᠤ ᠶᠤᠮ᠂ ᠰᠢᠨ᠎ᠠ ᠤᠯᠠᠨ ᠤᠯᠤᠰ ᠤᠨ ᠪᠠᠷᠠᠭᠠᠨ ᠤ ᠲᠠᠯᠠᠪᠠᠢ᠂ ᠭᠦᠢᠯᠭᠡᠭᠡᠨ ᠤ ᠪᠤᠯᠪᠠᠰᠤᠷᠠᠭᠤᠯᠬᠤ ᠪᠦᠰᠡ᠂ ᠢᠵᠢ ᠪᠦᠷᠢᠨ ᠦᠢᠯᠡᠴᠢᠯᠡᠬᠦ ᠪᠦᠰᠡ ᠵᠡᠷᠭᠡ ᠭᠤᠷᠪᠠᠨ ᠲᠤᠮᠤ ᠴᠢᠳᠠᠮᠵᠢᠲᠤ ᠪᠦᠰᠡ ᠪᠡᠷ ᠪᠤᠷᠢᠯᠳᠤᠵᠠᠢ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠲᠤᠰ ᠬᠦᠷᠢᠶᠡᠯᠡᠩ ᠤᠳᠤᠬᠠᠨ ᠪᠤᠯᠲᠠᠯ᠎ᠠ ᠨᠡᠶᠢᠲᠠ 30 ᠠᠵᠤ ᠠᠬᠤᠶᠢᠯᠠᠯ ᠢ ᠲᠠᠲᠠᠨ ᠤᠷᠤᠭᠤᠯᠵᠠᠢ᠃ ᠡᠭᠦᠨ ᠳᠤ᠂ 20 ᠭᠠᠷᠤᠢ ᠡᠳ᠋ ᠤᠨ ᠵᠠᠰᠠᠭ ᠠᠷᠠᠯᠵᠢᠶᠠᠨ ᠤ ᠠᠵᠤ ᠠᠬᠤᠶᠢᠯᠠᠯ ᠪᠤᠯᠤᠨ 10 ᠪᠤᠲᠠᠲᠠᠢ ᠬᠦᠷᠦᠩᠭᠡ ᠤᠷᠤᠭᠤᠯᠬᠤ ᠠᠵᠤ ᠠᠬᠤᠶᠢᠯᠠᠯ ᠲᠠᠢ᠃ 20 ᠪᠦᠲᠦᠭᠡᠨ ᠪᠠᠶᠢᠭᠤᠯᠤᠯᠲᠠ ᠶᠢᠨ ᠲᠦᠰᠦᠯ ᠳᠤ ᠪᠡᠨ 64 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠵᠠᠢ᠃

    ᠲᠤᠰ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠡᠷ᠂ ᠤᠳᠤᠬᠠᠨ ᠤ ᠠᠬᠢᠴᠠ ᠶᠢ ᠦᠨᠳᠦᠰᠦᠯᠡᠪᠡᠯ᠂ 2017 ᠤᠨ ᠤ ᠵᠢᠯ ᠤᠨ ᠡᠴᠦᠰ ᠪᠤᠯᠲᠠᠯ᠎ᠠ ᠰᠢᠨ᠎ᠠ ᠤᠯᠠᠨ ᠤᠯᠤᠰ ᠤᠨ ᠪᠠᠷᠠᠭᠠᠨ ᠤ ᠲᠠᠯᠠᠪᠠᠢ ᠶᠢᠨ ᠨᠢᠭᠡᠳᠦᠭᠡᠷ ᠬᠤᠭᠤᠴᠠᠭᠠᠨ ᠤ ᠲᠦᠰᠦᠯ ᠢ ᠪᠡᠶᠡᠯᠡᠡᠭᠦᠯᠵᠤ᠂ ᠴᠢᠩᠭᠡᠯᠢᠭ᠍ᠲᠤ ᠬᠠᠶᠢᠷᠴᠠᠭ᠂ ᠲᠦᠷᠭᠡᠨ ᠬᠦᠢᠯᠭᠡᠭᠡᠨ ᠤ ᠪᠤᠭᠤᠳᠠᠯ᠂ ᠮᠠᠰᠢᠨ ᠮᠸᠬᠠᠨᠢᠭ᠂ ᠪᠠᠷᠢᠯᠭ᠎ᠠ ᠶᠢᠨ ᠮᠠᠲ᠋ᠸᠷᠢᠶᠠᠯ ᠵᠡᠷᠭᠡ ᠡᠺᠰᠫᠤᠷᠲ ᠢᠮᠫᠤᠷᠲ᠋ᠯᠠᠬᠤ ᠪᠠᠷᠠᠭ᠎ᠠ ᠪᠡᠷ ᠭᠤᠤᠯᠯᠠᠭᠰᠠᠨ᠂ ᠲᠦᠪᠯᠡᠷᠡᠭᠦᠯᠦᠨ ᠲᠡᠭᠡᠭᠡᠪᠦᠷᠢᠯᠡᠬᠦ᠂ ᠬᠦᠮᠦᠷᠭᠡᠨ ᠤ ᠭᠠᠶᠢᠯᠢ ᠮᠡᠳᠡᠭᠦᠯᠬᠦ᠂ ᠤᠯᠠᠨ ᠤᠯᠤᠰ ᠤᠨ ᠠᠷᠠᠯᠵᠢᠶ᠎ᠠ ᠵᠡᠷᠭᠡ ᠴᠢᠳᠠᠮᠵᠢ ᠶᠢ ᠪᠦᠷᠢᠳᠤᠭᠦᠯᠦᠭᠰᠡᠨ ᠪᠠᠷᠠᠭᠠᠨ ᠤ ᠭᠦᠢᠯᠭᠡᠭᠡ ᠶᠢᠨ ᠰᠠᠭᠤᠷᠢᠨ ᠮᠦᠨ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121218262