蒙古文网站Logo
ᠰᠢᠨᠬᠤᠸᠠ ᠮᠤᠩᠭ᠋ᠤᠯ ᠨᠧᠲ

ᠮᠠᠨᠳᠤᠯ ᠪᠤᠭᠤᠮᠲᠠ ᠪᠡᠷ ᠦᠩᠭᠡᠷᠡᠭᠰᠡᠨ ᠪᠠᠷᠠᠭᠠᠨ ᠤ ᠬᠡᠮᠵᠢᠶ᠎ᠠ ᠠᠩᠬ᠎ᠠ ᠤᠳᠠᠭ᠎ᠠ 100 ᠲᠦᠮᠡᠨ ᠲᠤᠨ ᠢ ᠳᠠᠪᠠᠪᠠ

2017-06-27 17:22

    ᠪᠦᠷᠢᠳᠭᠡᠯ ᠢ ᠦᠨᠳᠦᠰᠦᠯᠡᠪᠡᠯ᠂ ᠤᠳᠤᠬᠠᠨ ᠪᠤᠯᠲᠠᠯ᠎ᠠ ᠮᠠᠨᠳᠤᠯ ᠪᠤᠭᠤᠮᠲᠠ ᠪᠡᠷ ᠦᠩᠭᠡᠷᠡᠭᠰᠡᠨ ᠪᠠᠷᠠᠭᠠᠨ ᠤ ᠬᠡᠮᠵᠢᠶ᠎ᠠ ᠵᠠᠭᠤᠨ ᠲᠦᠮᠡᠨ ᠲᠤᠨ ᠢ ᠲᠠᠪᠠᠵᠤ᠂ 100.36 ᠲᠦᠮᠡᠨ ᠲᠤᠨ ᠳᠤ ᠬᠦᠷᠴᠠᠢ᠃ 2002 ᠤᠨ ᠳᠤ ᠪᠤᠭᠤᠮᠲᠠ ᠪᠠᠶᠢᠭᠤᠯᠤᠭᠰᠠᠨ ᠡᠴᠡ ᠨᠠᠭᠠᠰᠢ ᠪᠤᠭᠤᠮᠲᠠ ᠪᠡᠷ ᠦᠩᠭᠡᠷᠡᠭᠰᠡᠨ ᠪᠠᠷᠠᠭᠠᠨ ᠤ ᠬᠡᠮᠵᠢᠶ᠎ᠠ ᠲᠡᠤᠬᠡ ᠶᠢᠨ ᠰᠢᠨ᠎ᠠ ᠲᠦᠪᠰᠢᠨ ᠳᠤ ᠬᠦᠷᠪᠠ᠃

    ᠮᠠᠨᠳᠤᠯ ᠪᠤᠭᠤᠮᠲᠠ ᠳᠤᠮᠳᠠᠳᠤ ᠮᠣᠩᠭᠣᠯ ᠤᠨ ᠬᠢᠯᠢ ᠶᠢᠨ 757 ᠳ᠋ᠤᠭᠠᠷ ᠬᠦᠰᠢᠶ᠎ᠠ ᠶᠢᠨ ᠤᠶᠢᠷᠠᠯᠴᠠᠭ᠎ᠠ ᠪᠠᠶᠢᠷᠢᠯᠠᠵᠤ᠂ ᠡᠷᠲᠡᠨ ᠤ ᠲᠤᠷᠭᠠᠨ ᠤ ᠵᠠᠮ ᠤᠨ ᠲᠦᠷᠪᠡᠨ ᠴᠢᠬᠤᠯᠠ ᠭᠠᠷᠴᠠ ᠶᠢᠨ ᠨᠢᠭᠡ ᠪᠤᠯᠬᠤ《 ᠲᠠᠯ᠎ᠠ ᠨᠤᠲᠤᠭ ᠤᠨ ᠲᠤᠷᠭᠠᠨ ᠤ ᠵᠠᠮ》 ᠪᠤᠯᠤᠨ᠎ᠠ᠂ ᠪᠠᠰᠠ ᠴᠤ ᠵᠢᠭᠤᠯᠴᠢᠳ ᠪᠤᠯᠤᠨ ᠠᠷᠠᠯᠵᠢᠶᠠᠴᠢᠳ ᠤᠨ ᠮᠣᠩᠭᠣᠯ ᠪᠤᠯᠤᠨ ᠤᠷᠤᠰ ᠲᠤ ᠬᠦᠷᠬᠦ ᠴᠢᠬᠤᠯᠠ ᠠᠷᠠᠯᠵᠢᠶᠠᠨ ᠤ ᠵᠠᠮ ᠮᠦᠨ᠃ ᠤᠯᠤᠰ ᠤᠨ 《 ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢᠨ ᠪᠤᠲᠠᠲᠠᠶᠢᠵᠢᠬᠤ ᠶᠢ ᠳᠠᠭᠠᠯᠳᠤᠨ ᠡᠳ᠋ ᠤᠨ ᠵᠠᠰᠠᠭ ᠤᠨ ᠨᠡᠮᠡᠭᠳᠡᠯ ᠤᠨ ᠳᠠᠶᠢᠴᠢᠯᠠᠯ ᠳᠤᠤᠷ᠎ᠠ ᠮᠠᠨᠳᠤᠯ ᠪᠤᠭᠤᠮᠲᠠ ᠰᠢᠨ᠎ᠠ ᠠᠮᠢᠯᠠᠯ ᠢᠶᠡᠨ ᠤᠯᠪᠠ᠃ ᠲᠠᠪᠤᠨ ᠰᠠᠷ᠎ᠠ ᠶᠢᠨ ᠳᠤᠮᠳᠠᠴᠢ ᠪᠤᠯᠲᠠᠯ᠎ᠠ᠂ ᠮᠠᠨᠳᠤᠯ ᠪᠤᠭᠤᠮᠲᠠ ᠪᠡᠷ ᠡᠺᠰᠫᠤᠷᠲ᠋ᠯᠠᠵᠤ ᠢᠮᠫᠤᠷᠲ᠋ᠯᠠᠭᠰᠠᠨ ᠪᠠᠷᠠᠭᠠᠨ ᠤ ᠬᠦᠢᠯᠭᠡᠭᠡᠨ ᠤ ᠬᠡᠮᠵᠢᠶ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 19.36 ᠲᠠᠬᠢᠨ᠂ 2016 ᠤᠨ ᠤ ᠪᠦᠲᠦᠨ ᠵᠢᠯ ᠤᠨ ᠶᠡᠷᠦᠩᠬᠡᠢ ᠬᠡᠮᠵᠢᠶ᠎ᠠ ᠶᠢ ᠳᠠᠪᠠᠵᠤ᠂ ᠡᠺᠰᠫᠤᠷᠲ᠋ᠯᠠᠵᠤ ᠢᠮᠫᠤᠷᠲ᠋ᠯᠠᠭᠰᠠᠨ ᠠᠷᠠᠯᠵᠢᠶᠠᠨ ᠤ ᠦᠷᠲᠡᠭ 5.14 ᠳ᠋ᠦᠩᠰᠢᠭᠤᠷ ᠲᠦᠬᠦᠷᠢᠭ᠌ ᠢ ᠪᠠᠶᠠᠯᠠᠭᠦᠯᠵᠠᠢ᠂ ᠡᠨᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 15.52 ᠲᠠᠬᠢᠨ ᠪᠠᠶᠢᠯ᠎ᠠ᠃ ᠳᠠᠪᠬᠤᠷᠳᠠᠭᠰᠠᠨ ᠲᠤᠭ᠎ᠠ ᠪᠡᠷ 31430 ᠬᠦᠮᠦᠨ ᠪᠤᠭᠤᠮᠲᠠ ᠳᠠᠮᠨᠠᠵᠤ᠂ ᠳᠠᠪᠬᠤᠷᠳᠠᠭᠰᠠᠨ ᠲᠤᠭ᠎ᠠ ᠪᠡᠷ14721 ᠲᠡᠷᠭᠡ ᠪᠤᠭᠤᠮᠲᠠ ᠳᠠᠮᠨᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121221173