蒙古文网站Logo
ᠰᠢᠨᠬᠤᠸᠠ ᠮᠤᠩᠭ᠋ᠤᠯ ᠨᠧᠲ

5 ᠰᠠᠷ᠎ᠠ ᠳᠤ ᠦᠪᠦᠷ ᠮᠣᠩᠭᠣᠯ ᠤᠨ ᠡᠺᠰᠫᠤᠷᠲ᠋ᠯᠠᠵᠤ ᠢᠮᠫᠤᠷᠲ᠋ᠯᠠᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 31.5% ᠪᠡᠷ ᠨᠡᠮᠡᠭᠳᠡᠪᠡ

2017-06-29 16:57

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠤᠲᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 5 ᠰᠠᠷ᠎ᠠ ᠳᠤ ᠦᠪᠦᠷ ᠮᠣᠩᠭᠣᠯ ᠤᠨ ᠡᠺᠰᠫᠤᠷᠲ᠋ᠯᠠᠭᠰᠠᠨ ᠨᠡᠮᠡᠭᠳᠡᠴᠡ ᠬᠤᠷᠳᠤᠨ ᠪᠠᠶᠢᠵᠤ᠂ ᠢᠮᠫᠤᠷᠲ᠋ᠯᠠᠭᠰᠠᠨ ᠨᠡᠮᠡᠭᠳᠡᠴᠡ ᠪᠠᠭ᠎ᠠ ᠤᠳᠠᠭᠠᠨ ᠪᠤᠯᠪᠠ᠃ 5 ᠰᠠᠷ᠎ᠠ ᠳᠤ ᠦᠪᠦᠷ ᠮᠣᠩᠭᠣᠯ ᠤᠨ ᠡᠺᠰᠫᠤᠷᠲ ᠢᠮᠫᠤᠷᠲ᠋ᠯᠠᠭᠰᠠᠨ ᠬᠡᠮᠵᠢᠶ᠎ᠠ 12.24 ᠳ᠋ᠦᠩᠰᠢᠭᠤᠷ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 31.5% ᠪᠡᠷ ᠨᠡᠮᠡᠭᠳᠡᠪᠡ᠃

    ᠡᠭᠦᠨ ᠳᠤ ᠡᠺᠰᠫᠤᠷᠲ᠋ᠯᠠᠭᠰᠠᠨ ᠬᠡᠮᠵᠢᠶ᠎ᠠ 4.88 ᠳ᠋ᠦᠩᠰᠢᠭᠤᠷ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 62.1% ᠪᠡᠷ ᠨᠡᠮᠡᠭᠳᠡᠨ᠂ ᠨᠡᠮᠡᠭᠳᠡᠯ ᠤᠨ ᠬᠡᠮᠵᠢᠶ᠎ᠠ 4 ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠢᠶᠡᠷ 22.1 ᠪᠡᠷ ᠦᠰᠪᠡ᠃ ᠢᠮᠫᠤᠷᠲ᠋ᠯᠠᠭᠰᠠᠨ ᠬᠡᠮᠵᠢᠶ᠎ᠠ 7.36 ᠳ᠋ᠦᠩᠰᠢᠭᠤᠷ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 16.8% ᠪᠡᠷ ᠨᠡᠮᠡᠭᠳᠡᠨ᠂ ᠨᠡᠮᠡᠭᠳᠡᠯ ᠤᠨ ᠬᠡᠮᠵᠢᠶ᠎ᠠ 4 ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠢᠶᠡᠷ 54.4 ᠪᠡᠷ ᠦᠰᠴᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121235541