蒙古文网站Logo
ᠰᠢᠨᠬᠤᠸᠠ ᠮᠤᠩᠭ᠋ᠤᠯ ᠨᠧᠲ

1 ᠡᠴᠡ 5 ᠰᠠᠷ᠎ᠠ ᠳᠤ ᠦᠪᠦᠷ ᠮᠣᠩᠭᠣᠯ ᠤᠨ ᠨᠡᠶᠢᠭᠡᠮ ᠤᠨ ᠬᠡᠷᠡᠭᠯᠡᠭᠡᠨ ᠤ ᠪᠠᠷᠠᠭ᠎ᠠ ᠶᠢᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 9.7% ᠪᠡᠷ ᠨᠡᠮᠡᠭᠳᠡᠪᠡ

2017-06-30 11:35

    ᠦᠨᠦ ᠵᠢᠯ ᠤᠨ 1 ᠡᠴᠡ 5 ᠰᠠᠷ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠬᠡᠷᠡᠭᠯᠡᠭᠡᠨ ᠤ ᠪᠠᠷᠠᠭ᠎ᠠ ᠶᠢᠨ ᠵᠢᠵᠢᠭᠯᠡᠨ ᠪᠤᠷᠤᠯᠠᠭᠤᠯᠤᠭᠰᠠᠨ ᠦᠷᠲᠡᠭ 2742.60 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.7% ᠪᠡᠷ ᠨᠡᠮᠡᠭᠳᠡᠨ᠂ ᠨᠡᠮᠡᠭᠳᠡᠴᠡ ᠶᠢᠨ ᠬᠤᠷᠳᠤᠴᠠ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 0.2 ᠢᠶᠡᠷ ᠦᠰᠪᠡ᠃

    ᠠᠳᠠᠯᠢ ᠪᠤᠰᠤ ᠵᠠᠬ᠎ᠠ ᠵᠡᠭᠡᠯᠢ ᠡᠴᠡ ᠠᠪᠴᠤ ᠦᠵᠡᠪᠡᠯ᠂ ᠬᠤᠲᠠ ᠪᠠᠯᠭᠠᠰᠤᠨ ᠤ ᠵᠠᠬ᠎ᠠ ᠵᠡᠭᠡᠯᠢ ᠶᠢᠨ ᠬᠡᠷᠡᠭᠯᠡᠭᠡᠨ ᠤ ᠪᠠᠷᠠᠭ᠎ᠠ ᠶᠢᠨ ᠵᠢᠵᠢᠭᠯᠡᠨ ᠪᠤᠷᠤᠯᠠᠭᠤᠯᠤᠭᠰᠠᠨ ᠦᠷᠲᠡᠭ 2477.15 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.5% ᠪᠡᠷ ᠨᠡᠮᠡᠭᠳᠡᠵᠠᠢ᠃ ᠬᠦᠳᠡᠭᠡ ᠲᠤᠰᠬᠤᠨ ᠤ ᠵᠠᠬ᠎ᠠ ᠵᠡᠭᠡᠯᠢ ᠶᠢᠨ ᠬᠡᠷᠡᠭᠯᠡᠭᠡᠨ ᠤ ᠪᠠᠷᠠᠭ᠎ᠠ ᠶᠢᠨ ᠵᠢᠵᠢᠭᠯᠡᠨ ᠪᠤᠷᠤᠯᠠᠭᠤᠯᠤᠭᠰᠠᠨ ᠦᠷᠲᠡᠭ 265.45 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 11.2% ᠢᠶᠡᠷ ᠨᠡᠮᠡᠭᠳᠡᠨ ᠬᠤᠲᠠ ᠪᠠᠯᠭᠠᠰᠤᠨ ᠤ ᠨᠡᠮᠡᠭᠳᠡᠯ ᠤᠨ ᠬᠤᠷᠳᠤᠴᠠ ᠡᠴᠡ ᠵᠠᠭᠤᠨ ᠤ ᠬᠠᠷᠢᠴᠠᠯ ᠢᠶᠡᠷ 1.7 ᠪᠡᠷ ᠬᠤᠷᠳᠤᠨ ᠪᠠᠶᠢᠪᠠ᠃ ᠬᠡᠷᠡᠭᠯᠡᠭᠡᠨ ᠤ ᠪᠠᠶᠢᠳᠠᠯ ᠡᠴᠡ ᠦᠵᠡᠪᠡᠯ᠂ ᠤᠷᠤᠨ ᠳᠠᠶᠠᠭᠠᠷ ᠤᠨ ᠬᠤᠭᠤᠯᠠ ᠤᠮᠳᠠ ᠶᠢᠨ ᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ 425.36 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 10.8% ᠪᠡᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 ᠡᠴᠡ 4 ᠰᠠᠷ᠎ᠠ ᠤᠨ ᠬᠢ ᠲᠠᠢ ᠠᠳᠠᠯᠢ ᠪᠠᠶᠢᠯ᠎ᠠ᠃ ᠲᠠᠸᠠᠷ ᠤᠨ ᠵᠢᠵᠢᠭᠯᠡᠨ ᠪᠤᠷᠤᠯᠠᠭᠤᠯᠬᠤ ᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ 2317.24 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.5% ᠪᠡᠷ ᠨᠡᠮᠡᠭᠳᠡᠵᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121240669