蒙古文网站Logo
ᠰᠢᠨᠬᠤᠸᠠ ᠮᠤᠩᠭ᠋ᠤᠯ ᠨᠧᠲ

ᠦᠬᠠᠢ ᠬᠤᠲᠠ ᠶᠢᠨ 1 ᠡᠴᠡ 5 ᠰᠠᠷ ᠠ ᠳᠡᠬᠢ ᠪᠤᠯᠪᠠᠰᠤᠷᠠᠭᠤᠯᠤᠭᠰᠠᠨ ᠲᠤᠰᠤᠨ ᠤ ᠵᠠᠬ᠎ᠠ ᠵᠡᠭᠡᠯᠢ ᠶᠢᠨ ᠪᠤᠷᠤᠯᠠᠭᠤᠯᠭ᠎ᠠ ᠶᠢᠨ ᠪᠠᠶᠢᠳᠠᠯ

2017-07-04 10:36

    2017 ᠤᠨ ᠤ 1 ᠡᠴᠡ 5 ᠰᠠᠷ᠎ᠠ ᠳᠤ᠂ ᠦᠬᠠᠢ ᠬᠤᠲᠠ ᠶᠢᠨ ᠪᠤᠯᠪᠠᠰᠤᠷᠠᠭᠤᠯᠤᠭᠰᠠᠨ ᠲᠤᠰᠤᠨ ᠤ ᠪᠤᠷᠤᠯᠠᠭᠤᠯᠤᠭᠰᠠᠨ ᠬᠡᠮᠵᠢᠶ᠎ᠠ ᠪᠤᠯᠤᠨ ᠪᠤᠷᠤᠯᠠᠭᠤᠯᠤᠭᠰᠠᠨ ᠦᠷᠲᠡᠭ ᠴᠦᠮ ᠨᠡᠮᠡᠭᠳᠡᠵᠠᠢ᠃ ᠪᠤᠷᠤᠯᠠᠭᠤᠯᠤᠭᠰᠠᠨ ᠬᠡᠮᠵᠢᠶ᠎ᠠ 104551 ᠲᠤᠨ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 24.02% ᠪᠡᠷ ᠨᠡᠮᠡᠭᠳᠡᠪᠠ᠃ ᠡᠭᠦᠨ ᠳᠤ᠂ ᠴᠠᠶᠢᠶ᠊ᠢᠤ ᠶᠢᠨ ᠪᠤᠷᠤᠯᠠᠭᠤᠯᠤᠯᠲᠠ ᠶᠢᠨ ᠬᠡᠮᠵᠢᠶᠡᠨ ᠤ ᠨᠡᠮᠡᠭᠳᠡᠴᠡ 74396 ᠲᠤᠨ ᠳᠤ ᠬᠦᠷᠴᠤ᠂ ᠨᠢᠳᠤᠨᠤᠨ ᠤ 55603 ᠲᠤᠨ ᠡᠴᠡ 33.8% ᠪᠡᠷ ᠨᠡᠮᠡᠭᠳᠡᠵᠠᠢ᠃ ᠴᠢᠶ᠊ᠢᠤ ᠶᠢᠨ ᠪᠤᠷᠤᠯᠠᠭᠤᠯᠤᠯᠲᠠ ᠶᠢᠨ ᠬᠡᠮᠵᠢᠶ᠎ᠠ ᠶᠡᠬᠡ ᠬᠤᠪᠢᠷᠠᠯᠲᠠ ᠦᠭᠡᠢ 30155 ᠲᠤᠨ᠂ ᠨᠢᠳᠤᠨᠤᠨ ᠤ 28696 ᠲᠤᠨ ᠡᠴᠡ 5.08% ᠪᠡᠷ ᠨᠡᠮᠡᠭᠳᠡᠭᠰᠡᠨ ᠪᠠᠶᠢᠨ᠎ᠠ᠃ 1 ᠡᠴᠡ 5 ᠰᠠᠷ᠎ᠠ ᠳᠤ᠂ ᠦᠬᠠᠢ ᠬᠤᠲᠠ ᠶᠢᠨ ᠪᠤᠯᠪᠠᠰᠤᠷᠠᠭᠤᠯᠤᠭᠰᠠᠨ ᠲᠤᠰᠤ ᠪᠤᠷᠤᠯᠠᠭᠤᠯᠤᠭᠰᠠᠨ ᠦᠷᠲᠡᠭ 69232 ᠲᠦᠮᠡᠨ ᠲᠦᠬᠦᠷᠢᠭ᠌ ᠲᠤ ᠬᠦᠷᠴᠤ᠂ ᠨᠢᠳᠤᠨᠤᠨ ᠤ ᠬᠢ ᠡᠴᠡ 39.60% ᠢᠶᠡᠷ ᠨᠡᠮᠡᠭᠳᠡᠵᠠᠢ᠃ ᠪᠤᠯᠪᠠᠰᠤᠷᠠᠭᠤᠯᠤᠭᠰᠠᠨ ᠲᠤᠰᠤᠨ ᠤ ᠪᠤᠷᠤᠯᠠᠭᠤᠯᠤᠯᠲᠠ ᠶᠢᠨ ᠬᠡᠮᠵᠢᠶ᠎ᠠ ᠪᠤᠯᠤᠨ ᠪᠤᠷᠤᠯᠠᠭᠤᠯᠤᠯᠲᠠ ᠶᠢᠨ ᠦᠷᠲᠡᠭ ᠨᠡᠮᠡᠭᠳᠡᠭᠰᠡᠨ ᠭᠤᠤᠯ ᠰᠢᠯᠲᠠᠭᠠᠨ ᠨᠢ ᠮᠠᠨ ᠤ ᠤᠯᠤᠰ ᠤᠨ ᠡᠳ᠋ ᠤᠨ ᠵᠠᠰᠠᠭ ᠡᠷᠭᠢᠯᠲᠠ ᠶᠢᠨ ᠪᠠᠶᠢᠳᠠᠯ ᠳᠤ ᠤᠷᠤᠵᠤ᠂ ᠦᠬᠠᠢ ᠬᠤᠲᠠ ᠶᠢᠨ ᠡᠳ᠋ ᠤᠨ ᠵᠠᠰᠠᠭ ᠤᠨ ᠪᠦᠬᠦᠯᠢ ᠴᠤᠭᠴᠠ ᠶᠢᠨ ᠰᠡᠷᠭᠦᠯᠲᠠ ᠮᠡᠳᠡᠭᠳᠡᠮ᠎ᠠ ᠪᠠᠶᠢᠬᠤ ᠳᠤ ᠤᠷᠤᠰᠢᠨ᠎ᠠ ᠡᠨᠡ ᠨᠢ ᠭᠤᠤᠯᠳᠠᠭᠤ ᠨᠡᠭᠦᠷᠡᠰᠤ᠂ ᠪᠠᠷᠢᠯᠭ᠎ᠠ ᠶᠢᠨ ᠮᠠᠲ᠋ᠸᠷᠢᠶᠠᠯ᠂ ᠬᠢᠮᠢ ᠶᠢᠨ ᠦᠢᠯᠡᠳᠪᠦᠷᠢ ᠶᠢᠨ ᠠᠵᠢᠯ ᠲᠦᠷᠦᠯ ᠳᠤ ᠢᠯᠡᠷᠡᠵᠤ ᠪᠤᠢ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ 2017 ᠤᠨ ᠤ ᠬᠤᠶᠠᠳᠤᠭᠠᠷ ᠤᠯᠠᠷᠢᠯ ᠳᠤ ᠦᠬᠠᠢ ᠬᠤᠲᠠ ᠶᠢᠨ ᠪᠤᠯᠪᠠᠰᠤᠷᠠᠭᠤᠯᠤᠭᠰᠠᠨ ᠲᠤᠰᠤᠨ ᠤ ᠪᠤᠷᠤᠯᠠᠭᠤᠯᠭ᠎ᠠ ᠶᠢᠨ ᠪᠠᠶᠢᠳᠠᠯ ᠦᠷᠭᠦᠯᠵᠢᠯᠡᠨ ᠲᠤᠭᠲᠠᠭᠤᠨ ᠦᠰᠦᠯᠲᠡ ᠪᠡᠨ ᠪᠠᠲᠤᠯᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121260306