蒙古文网站Logo
ᠰᠢᠨᠬᠤᠸᠠ ᠮᠤᠩᠭ᠋ᠤᠯ ᠨᠧᠲ

ᠡᠮᠦᠨᠡᠲᠦ ᠣᠷᠣᠨ ᠤ ᠠᠭᠠᠳᠠᠷ ᠪᠣᠷᠣᠭᠠᠨ ᠳ᠋ᠤ ᠨᠠᠢᠮᠠᠨ ᠮᠤᠵᠢ ( ᠤᠷᠤᠨ ) ᠤ ᠮᠢᠩᠭ᠋ᠠᠨ ᠲᠦᠮᠡ ᠰᠢᠬᠠᠮ ᠬᠦᠮᠦᠨ ᠭᠠᠮᠰᠢᠭᠳᠠᠪᠠ

2017-07-05 11:04

    ᠰᠡᠭᠦᠯ ᠤᠨ ᠦᠶ᠎ᠠ ᠳᠤ᠂ ᠰᠢᠷᠦᠭᠦᠨ ᠪᠣᠷᠣᠭᠠᠨ ᠣᠷᠣᠵᠤ᠂ ᠠᠨᠾᠦ᠋ᠢ᠂ ᠬᠤᠪᠸᠢ᠂ ᠬᠤᠨᠠᠨ᠂ ᠭᠤᠸᠠᠩᠰᠢ᠂ ᠴᠦᠩᠴᠢᠩ᠂ ᠰᠸᠴᠤᠸᠠᠨ᠂ ᠭᠦᠢᠵᠧᠦ ᠵᠡᠷᠭᠡ ᠮᠤᠵᠢ ᠣᠷᠣᠨ ᠢ ᠦᠶᠡᠷ ᠤᠰᠠᠳᠤᠯ᠂ ᠠᠭᠤᠯᠠᠨ ᠤ ᠶᠡᠭᠦᠷᠡᠯᠲᠡ᠂ ᠰᠠᠯᠬᠢ ᠮᠦ᠋ᠨᠳᠦᠷ ᠦᠨ ᠭᠠᠮᠰᠢᠭ ᠲᠤ ᠤᠴᠠᠷᠠᠭᠤᠯᠵᠠᠢ᠃ 7 ᠰᠠᠷ᠎ᠠ ᠶ᠋ᠢᠨ 3 ᠦ ᠡᠳᠦᠷ ᠦᠨ 9 ᠴᠠᠭ ᠪᠣᠯᠲᠠᠯ᠎ᠠ ᠪᠦᠷᠢᠳᠬᠡᠭ᠍ᠰᠡᠨ ᠦ ᠳ᠋ᠦ᠋ᠩ ᠳ᠋ᠤ ᠳᠡᠭᠡᠷ᠎ᠡ ᠳᠤᠷᠠᠳᠤᠭᠰᠠᠨ ᠨᠠᠢᠮᠠᠨ ᠮᠤᠵᠢ ᠬᠤᠳᠠ ᠂ ᠦᠪᠡᠷᠲᠡᠭᠡᠨ ᠵᠠᠰᠠᠬᠤ ᠤᠷᠤᠨ ᠤ 48 ᠬᠣᠲᠠ ( ᠦᠪᠡᠷᠲᠡᠭᠡᠨ ᠵᠠᠰᠠᠬᠤ ᠵᠸᠥ) ᠶ᠋ᠢᠨ 238 ᠰᠢᠶᠠᠨ ( ᠬᠣᠲᠠ᠂ ᠲᠣᠭᠣᠷᠢᠭ᠋) ᠤᠨ 956.4 ᠲᠦᠮᠡᠨ ᠬᠦᠮᠦᠨ ᠭᠠᠮᠰᠢᠭᠳᠠᠵᠤ᠂ 33 ᠬᠦᠮᠦᠨ ᠡᠨᠳᠡᠨ᠂15 ᠬᠦᠮᠦᠨ ᠰᠤᠷᠠᠭ ᠲᠠᠰᠤᠷᠠᠵᠠᠢ︔ 668.2 ᠮᠢᠩᠭ᠋ᠠᠨ ᠾᠧᠺᠲ᠋ᠠᠷ ᠲᠠᠷᠢᠶ᠎ᠠ ᠭᠠᠮᠰᠢᠭ ᠲᠣ ᠳᠠᠭᠠᠷᠢᠭᠳᠠᠵᠤ᠂ 100.8 ᠮᠢᠩᠭ᠋ᠠᠨ ᠾᠧᠺᠲ᠋ᠠᠷ ᠨᠢ ᠬᠤᠷᠢᠶᠠᠯᠲᠠ ᠠᠯᠳᠠᠵᠠᠢ︔ 1.9 ᠲᠦᠮᠡᠨ ᠭᠡᠷ ᠪᠠᠶᠢᠰᠢᠩ ᠶᠡᠭᠦᠷᠡᠨ ᠰᠦᠢᠳᠴᠦ᠂ 18.9 ᠲᠦᠮᠡᠨ ᠭᠡᠷ ᠪᠠᠶᠢᠰᠢᠩ ᠠᠳᠠᠯᠢ ᠪᠤᠰᠤ ᠬᠡᠮᠵᠢᠶ᠎ᠡ ᠪᠡᠷ ᠡᠪᠳᠡᠭᠳᠡᠵᠡᠢ︔ 3 ᠤ ᠡᠳᠦᠷ ᠪᠣᠯᠲᠠᠯ᠎ᠠ ᠭᠠᠮᠰᠢᠭ ᠡᠴᠠ ᠪᠣᠯᠣᠭᠰᠠᠨ ᠡᠳ᠋ ᠤᠨ ᠵᠠᠰᠠᠭ ᠤᠨ ᠰᠢᠭᠤᠳ ᠬᠣᠬᠢᠷᠠᠯ ᠨᠡᠶᠢᠲᠡ 188.9 ᠳ᠋ᠦᠩᠰᠢᠭᠤᠷ ᠲᠦᠭᠦᠷᠢᠭ᠌ ᠲᠤ ᠬᠦᠷᠴᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121267401