蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠠᠯ᠎ᠠ ᠨᠤᠲᠤᠭ ᠤᠨ ᠪᠡᠯᠴᠢᠭᠡᠷ ᠤᠨ ᠤᠷᠭᠤᠯᠳᠠ ᠡᠩ ᠤᠨ ᠵᠢᠯ ᠤᠨ ᠬᠢ ᠡᠴᠡ 50% ᠪᠡᠷ ᠪᠠᠭᠤᠷᠠᠪᠠ

2017-07-05 11:04

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ 4.2 ᠳ᠋ᠦᠩᠰᠢᠭᠤᠷ ᠮᠦ ᠪᠡᠯᠴᠢᠭᠡᠷ ᠤᠨ ᠤᠷᠭᠤᠯᠲᠠ ᠶᠢᠨ ᠪᠠᠶᠢᠳᠠᠯ ᠨᠢᠳᠤᠨᠤᠨ ᠤ ᠬᠢ ᠡᠴᠡ ᠠᠨᠠᠢ᠂ 6 ᠰᠠᠷ᠎ᠠ ᠶᠢᠨ ᠰᠡᠭᠦᠯᠴᠢ ᠪᠤᠯᠲᠠᠯ᠎ᠠ᠂ ᠤᠷᠤᠨ ᠳᠠᠶᠠᠭᠠᠷ ᠤᠨ ᠪᠡᠯᠴᠢᠭᠡᠷ ᠤᠨ ᠤᠷᠭᠤᠯᠳᠠ ᠶᠢᠨ ᠬᠡᠮᠵᠢᠶ᠎ᠠ ᠨᠢᠳᠤᠨᠤᠨ ᠤ ᠬᠢ ᠡᠴᠡ 20% ᠪᠡᠷ ᠪᠠᠭᠠᠰᠴᠤ᠂ ᠡᠩ ᠤᠨ ᠵᠢᠯ ᠤᠨ ᠬᠢ ᠡᠴᠡ 50% ᠡᠴᠡ ᠳᠠᠭᠡᠭ᠍ᠰᠢ ᠪᠠᠭᠤᠷᠠᠬᠰᠠᠨ ᠢ ᠦᠨᠦ ᠵᠢᠯ ᠤᠨ 6 ᠰᠠᠷ᠎᠎ᠠ ᠶᠢᠨ ᠦᠪᠦᠷ ᠮᠣᠩᠭᠣᠯ ᠤᠨ ᠪᠡᠯᠴᠢᠭᠡᠷ ᠤᠨ ᠡᠪᠡᠰᠦᠨ ᠤ ᠤᠷᠭᠤᠯᠲᠠ ᠶᠢᠨ ᠬᠢᠨᠠᠨ ᠬᠡᠮᠵᠢᠯᠲᠠ ᠶᠢᠨ ᠮᠡᠳᠡᠭᠦᠯᠦᠯᠲᠠ ᠳᠤ ᠬᠠᠷᠠᠭᠤᠯᠪᠠ᠃

    ᠬᠠᠪᠤᠷ ᠡᠴᠡ ᠨᠠᠭᠠᠰᠢ᠂ ᠦᠪᠦᠷ ᠮᠣᠩᠭᠣᠯ ᠳᠤ ᠦᠨᠳᠦᠷ ᠳᠤᠯᠠᠭᠠᠨ ᠦᠷᠭᠦᠯᠵᠢᠯᠡᠨ᠂ ᠬᠤᠷ᠎ᠠ ᠲᠤᠨᠳᠠᠰᠤ ᠪᠠᠭ᠎ᠠ᠂ ᠲᠠᠷᠢᠶᠠᠯᠠᠩ ᠮᠠᠯ ᠠᠵᠤ ᠠᠬᠤᠢ ᠳᠤ ᠵᠤᠬᠢᠬᠤ ᠬᠡᠮᠵᠢᠶᠡᠨ ᠤ ᠨᠦᠯᠦᠭᠡ ᠪᠤᠯᠪᠠ᠃ 6 ᠰᠠᠷ᠎ᠠ ᠶᠢᠨ 20 ᠤ ᠡᠳᠦᠷ ᠡᠴᠡ ᠡᠮᠦᠨ᠎ᠠ᠂ ᠭᠠᠩ ᠤᠨ ᠪᠠᠶᠢᠳᠠᠯ ᠭᠤᠤᠯᠳᠠᠭᠤ ᠬᠦᠯᠦᠨ ᠪᠤᠶᠢᠷ ᠤᠨ ᠪᠠᠷᠠᠭᠤᠨ ᠬᠡᠰᠡᠭ᠂ ᠬᠢᠩᠭ᠋ᠠᠨ ᠠᠶᠢᠮᠠᠭ ᠤᠨ ᠶᠡᠬᠡᠩᠬᠢ ᠬᠡᠰᠡᠭ᠂ ᠲᠦ᠋ᠩᠯᠢᠶᠤᠤ ᠬᠤᠲᠠ ᠶᠢᠨ ᠡᠮᠦᠨᠡᠲᠤ ᠬᠡᠰᠡᠭ᠂ ᠤᠯᠠᠭᠠᠨᠬᠠᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠤᠯ ᠠᠶᠢᠮᠠᠭ ᠵᠢᠴᠢ ᠤᠯᠠᠭᠠᠨᠴᠠᠪ ᠬᠤᠳᠠ ᠶᠢᠨ ᠬᠡᠰᠡᠭ ᠪᠦᠰᠡ ᠨᠤᠲᠤᠭ ᠢᠶᠡᠷ ᠲᠦᠪᠯᠡᠷᠡᠵᠠᠢ᠃ ᠤᠷᠤᠨ ᠳᠠᠶᠠᠭᠠᠷ ᠤᠨ 4800 ᠲᠦᠮᠡᠨ ᠮᠦ ᠲᠠᠷᠢᠶᠠᠨ ᠭᠠᠵᠠᠷ ᠭᠠᠮᠰᠢᠭᠲᠠᠵᠤ᠂ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠶᠢᠨ 35% ᠶᠢ ᠡᠵᠡᠯᠡᠨ᠂ ᠨᠢᠳᠤᠨᠤᠨ ᠤ ᠬᠢ ᠡᠴᠡ 2820 ᠲᠦᠮᠡᠨ ᠮᠦ ᠨᠡᠮᠡᠭᠳᠡᠪᠠ᠃ ᠡᠭᠦᠨ ᠳᠤ᠂ 1580 ᠲᠦᠮᠡᠨ ᠮᠦ ᠭᠠᠩᠳᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 740 ᠲᠦᠮᠡᠨ ᠮᠦ ᠨᠡᠮᠡᠭᠳᠡᠵᠠᠢ᠃ ᠭᠠᠩ ᠡᠴᠡ ᠪᠤᠯᠵᠤ 880 ᠲᠦᠮᠡᠨ ᠮᠦ ᠲᠠᠷᠢᠶ᠎ᠠ ᠶᠢ ᠲᠠᠷᠢᠭᠰᠠᠨ ᠦᠭᠡᠢ᠃ ᠭᠠᠮᠰᠢᠭᠳᠠᠭᠰᠠᠨ ᠪᠡᠯᠴᠢᠭᠡᠷ 4.9 ᠳ᠋ᠦᠩᠰᠢᠭᠤᠷ ᠮᠦ ᠶᠢ ᠳᠠᠪᠠᠪᠠ ( ᠠᠯᠠᠱᠠ ᠠᠶᠢᠮᠠᠭ ᠤᠨ 1.5 ᠳ᠋ᠦᠩᠰᠢᠭᠤᠷ ᠮᠤ ᠶᠢ ᠪᠠᠭᠲᠠᠭᠠᠬᠤ ᠦᠭᠡᠢ)᠃ ᠡᠭᠦᠨ ᠳᠤ᠂ 1 ᠳ᠋ᠦᠩᠰᠢᠭᠤᠷ ᠮᠦ ᠪᠡᠯᠴᠢᠭᠡᠷ ᠬᠦᠬᠡᠷᠡᠭᠰᠡᠨ ᠦᠭᠡᠢ᠂ 2904 ᠲᠦᠮᠡᠨ ᠮᠡᠯ ᠭᠠᠩ ᠳ᠋ᠦ ᠨᠦᠯᠦᠭᠡᠯᠡᠭᠳᠡᠪᠡ᠃ 6 ᠰᠠᠷ᠎ᠠ ᠶᠢᠨ 21 ᠡᠴᠡ 23 ᠤ ᠡᠳᠦᠷ ᠪᠤᠯᠲᠠᠯ᠎ᠠ᠂ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠢᠶᠡᠷ ᠪᠤᠷᠤᠭ᠎ᠠ ᠤᠷᠤᠭᠰᠠᠨ ᠢᠶᠡᠷ ᠭᠠᠩ ᠤᠨ ᠪᠠᠶᠢᠳᠠᠯ ᠨᠠᠮᠳᠠᠪᠠ᠃ ᠤᠳᠤᠬᠠᠨ ᠳᠤ᠂ ᠳ᠋ᠦᠩᠰᠢᠭᠤᠷ ᠤᠷᠴᠢᠮ ᠮᠦ ᠪᠡᠯᠴᠢᠭᠡᠷ ᠭᠠᠩ ᠡᠴᠡ ᠲᠠᠶᠢᠯᠤᠭᠳᠠᠵᠠᠢ᠃ 6 ᠰᠠᠷ᠎ᠠ ᠶᠢᠨ ᠰᠡᠭᠦᠯᠴᠢ ᠪᠤᠯᠲᠠᠯ᠎ᠠ᠂ ᠤᠷᠤᠨ ᠳᠠᠶᠠᠭᠠᠷ ᠤᠨ 4.2 ᠳ᠋ᠦᠩᠰᠢᠭᠤᠷ ᠮᠦ ᠪᠡᠯᠴᠢᠭᠡᠷ ᠤᠨ ᠤᠷᠭᠤᠯᠲᠠ ᠶᠢᠨ ᠪᠠᠶᠢᠳᠠᠯ ᠨᠢᠳᠤᠨᠤᠨ ᠤ ᠬᠢ ᠡᠴᠡ ᠠᠨᠠᠢ᠂ ᠭᠤᠤᠯᠳᠠᠭᠤ ᠬᠦᠯᠦᠨ ᠪᠤᠶᠢᠷ ᠬᠤᠲᠠ ᠪᠤᠯᠤᠨ ᠰᠢᠯᠢ ᠶᠢᠨ ᠭᠤᠤᠯ ᠠᠶᠢᠮᠠᠭ ᠤᠨ ᠬᠤᠶᠠᠷ ᠶᠡᠬᠡ ᠲᠠᠯ᠎ᠠ ᠨᠤᠲᠤᠭ ᠤᠨ ᠪᠦᠰᠡ ᠲᠤ ᠲᠦᠪᠯᠡᠷᠡᠵᠤ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121267457