蒙古文网站Logo
ᠰᠢᠨᠬᠤᠸᠠ ᠮᠤᠩᠭ᠋ᠤᠯ ᠨᠧᠲ

1 ᠡᠴᠡ 5 ᠰᠠᠷ᠎ᠠ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 2742.60 ᠳ᠋ᠦᠩᠰᠢᠭᠤᠷ ᠲᠦᠬᠦᠷᠢᠭ᠌ ᠲᠤ ᠬᠦᠷᠪᠠ

2017-07-07 17:20

    ᠦᠨᠦ ᠵᠢᠯ ᠤᠨ 1 ᠡᠴᠡ 5 ᠰᠠᠷ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 2742.60 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.7% ᠪᠡᠷ ᠨᠡᠮᠡᠭᠳᠡᠪᠡ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 0.2 ᠪᠡᠷ ᠨᠡᠮᠡᠭᠳᠡᠵᠠᠢ᠃

    ᠠᠳᠠᠯᠢ ᠪᠤᠰᠤ ᠵᠠᠬ᠎ᠠ ᠵᠡᠭᠡᠯᠢ ᠡᠴᠡ ᠠᠪᠴᠤ ᠦᠵᠡᠪᠡᠯ᠂ ᠬᠤᠳᠠ ᠪᠠᠯᠭᠠᠰᠤᠨ ᠤ ᠵᠠᠬ᠎ᠠ ᠵᠡᠭᠡᠯᠢ ᠶᠢᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 2477.15 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.5% ᠪᠡᠷ ᠨᠡᠮᠡᠭᠳᠡᠪᠡ᠃ ᠬᠦᠳᠡᠭᠡ ᠲᠤᠰᠬᠤᠨ ᠤ ᠵᠠᠬ᠎ᠠ ᠵᠡᠭᠡᠯᠢ ᠶᠢᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 265.45 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 11.2% ᠢᠶᠡᠷ ᠨᠡᠮᠡᠭᠳᠡᠵᠤ᠂ ᠬᠤᠲᠠ ᠪᠠᠯᠭᠠᠰᠤᠨ ᠤ ᠵᠠᠬ᠎ᠠ ᠵᠡᠭᠡᠯᠢ ᠶᠢᠨ ᠨᠡᠮᠡᠭᠳᠡᠴᠡ ᠡᠴᠡ ᠵᠠᠭᠤᠨ ᠤ ᠬᠠᠷᠢᠴᠠᠯ ᠢᠶᠡᠷ 1.7 ᠪᠡᠷ ᠬᠤᠷᠳᠤᠨ᠃ ᠬᠡᠷᠡᠭᠯᠡᠭᠡᠨ ᠤ ᠬᠡᠯᠪᠡᠷᠢ ᠡᠴᠡ ᠨᠢ ᠠᠪᠴᠤ ᠦᠵᠡᠪᠡᠯ᠂ ᠤᠷᠤᠨ ᠳᠠᠶᠠᠭᠠᠷ ᠤᠨ ᠬᠤᠭᠤᠯᠠ ᠤᠮᠲᠠ ᠶᠢᠨ ᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 425.36 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 10.8% ᠪᠡᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ 1 ᠡᠴᠡ 4 ᠰᠠᠷ᠎ᠠ ᠶᠢᠨ ᠬᠢ ᠲᠠᠢ ᠠᠳᠠᠯᠢ᠃ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 2317.24 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 9.5% ᠪᠡᠷ ᠨᠡᠮᠡᠭᠳᠡᠵᠠᠢ᠃ ᠭᠤᠤᠯ ᠪᠤᠯᠬᠤ ᠬᠢᠵᠠᠭᠠᠷᠯᠠᠭᠰᠠᠨ ᠬᠡᠮᠵᠢᠶᠡᠨ ᠡᠴᠡ ᠳᠡᠭᠡᠭ᠍ᠰᠢᠬᠢ ᠬᠡᠷᠡᠭᠯᠡᠭᠡᠨ ᠤ ᠲᠦᠷᠦᠯ ᠡᠴᠡ ᠠᠪᠴᠤ ᠦᠵᠡᠪᠡᠯ᠂ ᠠᠮᠤ ᠲᠤᠰᠤ᠂ ᠢᠳᠡᠭᠡᠨ᠂ ᠠᠷᠢᠬᠢ ᠲᠠᠮᠠᠬᠢᠨ ᠤ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 11.4% ᠪᠡᠷ ᠨᠡᠮᠡᠭᠳᠡᠪᠡ᠃ ᠠᠯᠲᠠ ᠮᠦᠩᠬᠦ ᠡᠷᠳᠡᠨᠢᠰ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 9.8% ᠪᠡᠷ ᠨᠡᠮᠡᠭᠳᠡᠨ᠂ ᠬᠡᠷ ᠤᠨ ᠴᠠᠬᠢᠯᠭᠠᠨ ᠬᠡᠷᠡᠭᠰᠡᠯ ᠪᠤᠯᠤᠨ ᠳᠠᠭᠤᠤ ᠬᠦᠭ᠍ᠵᠢᠮ ᠤᠨ ᠬᠡᠷᠡᠭᠰᠡᠯ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠬᠤ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 9.1% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121283245