蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠳᠤ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ 1110.5 ᠳ᠋ᠦᠩᠰᠢᠭᠤᠷ ᠲᠦᠬᠦᠷᠢᠭ᠌ ᠲᠤ ᠬᠦᠷᠴᠤ ᠤᠨ ᠤ ᠲᠦᠰᠦᠪ ᠤᠨ 54.0% ᠢ ᠪᠡᠶᠡᠯᠡᠭᠦᠯᠪᠠ

2017-07-09 13:36

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠤᠨ ᠲᠢᠩᠬᠢᠮ ᠡᠴᠡ ᠦᠨᠦ ᠵᠢᠯ ᠤᠨ ᠬᠠᠮᠤᠭ ᠤᠨ ᠰᠢᠨ᠎ᠠ ᠰᠠᠩᠬᠦᠦ ᠡᠳ᠋ ᠤᠨ ᠵᠠᠰᠠᠭ ᠤᠨ ᠤᠷᠤᠯᠭ᠎ᠠ ᠶᠢᠨ ᠠᠯᠪᠠᠨ ᠮᠡᠳᠡᠭᠳᠡᠯ ᠢ ᠨᠡᠶᠢᠲᠡᠯᠡᠪᠡ᠃ ᠲᠦᠷᠦᠭᠦᠦ ᠬᠠᠭᠠᠰ ᠵᠢᠯ ᠳᠤ᠂ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ 1110.5 ᠳ᠋ᠦᠩᠰᠢᠭᠤᠷ ᠲᠦᠬᠦᠷᠢᠭ᠌ ᠲᠤ ᠬᠦᠷᠴᠤ ᠤᠨ ᠤ ᠲᠦᠰᠦᠪ ᠤᠨ 54.0% ᠢ ᠪᠡᠶᠡᠯᠡᠭᠦᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 66.2 ᠳ᠋ᠦᠩᠰᠢᠭᠤᠷ ᠲᠦᠬᠦᠷᠢᠭ᠌ ᠨᠡᠮᠡᠭᠳᠡᠪᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎᠎ᠠ᠂ ᠵᠠᠰᠠᠭ ᠤᠨ ᠤᠷᠳᠤᠨ ᠡᠴᠡ ᠲᠤᠭᠲᠠᠭᠠᠭᠰᠠᠨ《ᠬᠠᠭᠠᠰ ᠬᠤᠭᠤᠴᠠᠭ᠎ᠠ ᠳᠤ ᠬᠠᠭᠠᠰ ᠡᠭᠦᠷᠭᠡ》 ᠶᠢᠨ ᠬᠠᠷᠠᠯᠲᠠ ᠶᠢ ᠪᠡᠶᠡᠯᠡᠭᠦᠯᠵᠠᠢ᠃

    ᠲᠦᠷᠦᠭᠦᠦ ᠬᠠᠭᠠᠰ ᠵᠢᠯ ᠳᠤ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠤᠷᠤᠯᠭ᠎ᠠ ᠳᠤ᠂ ᠭᠠᠶᠢᠯᠢ ᠶᠢᠨ ᠤᠷᠤᠯᠭ᠎ᠠ 788.5 ᠳ᠋ᠦᠩᠰᠢᠭᠤᠷ ᠲᠦᠬᠦᠷᠢᠭ᠌ ᠲᠤ ᠬᠦᠷᠴᠤ᠂ 18.7% ᠪᠡᠷ ᠨᠡᠮᠡᠭᠳᠡᠵᠠᠢ᠃ ᠭᠠᠶᠢᠯᠢ ᠡᠴᠡ ᠪᠤᠰᠤᠳ ᠤᠷᠤᠯᠭ᠎ᠠ 322.0 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ 15.2% ᠢᠶᠡᠷ ᠪᠠᠭᠤᠷᠠᠪᠠ᠃ ᠡᠭᠦᠨ ᠡᠴᠡ ᠭᠠᠳᠠᠨ᠎ᠠ᠂ ᠲᠦᠷᠦᠭᠦᠦ ᠬᠠᠭᠠᠰ ᠵᠢᠯ ᠳᠤ ᠤᠷᠤᠨ ᠳᠠᠶᠠᠭᠠᠷ ᠤᠨ ᠡᠩ ᠤᠨ ᠨᠡᠶᠢᠲᠡ ᠶᠢᠨ ᠲᠦᠰᠦᠪ ᠤᠨ ᠵᠠᠷᠤᠯᠭ᠎ᠠ 2362.5 ᠳ᠋ᠦᠩᠰᠢᠭᠤᠷ ᠲᠦᠬᠦᠷᠢᠭ᠌ ᠲᠤ ᠬᠦᠷᠴᠤ᠂ ᠲᠤᠬᠢᠷᠠᠭᠤᠯᠤᠭᠰᠠᠨ ᠲᠦᠰᠦᠪ ᠤᠨ 48.6% ᠳᠤ ᠬᠦᠷᠤᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 229.0 ᠳ᠋ᠦᠩᠰᠢᠭᠤᠷ ᠲᠦᠬᠦᠷᠢᠭ᠌ ᠪᠤᠶᠤ 10.7% ᠪᠡᠷ ᠨᠡᠮᠡᠭᠳᠡᠭᠰᠠᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121289120