蒙古文网站Logo
ᠰᠢᠨᠬᠤᠸᠠ ᠮᠤᠩᠭ᠋ᠤᠯ ᠨᠧᠲ

ᠨᠡᠭᠦᠷᠡᠰᠦᠨ ᠤ ᠦᠨ᠎ᠠ ᠤᠯᠠᠷᠢᠯ ᠤᠨ ᠴᠢᠨᠠᠷᠲᠠᠢ ᠨᠦᠯᠦᠭᠡᠯᠡᠯ ᠡᠴᠡ ᠪᠤᠯᠵᠤ ᠦᠰᠪᠡ

2017-07-10 17:20

    ᠰᠢᠨᠬᠤᠸᠠ ᠬᠤᠷᠢᠶ᠎ᠠ  ᠬᠦᠬᠡᠬᠤᠲᠠ ᠶᠢᠨ 7 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠫᠸᠩ ᠶᠤᠸᠠᠨ)  ᠵᠤᠨ ᠤ ᠤᠯᠠᠷᠢᠯ ᠤᠨ ᠴᠠᠬᠢᠯᠭᠠᠨ ᠬᠦᠴᠦᠨ ᠤ ᠬᠡᠷᠡᠭᠴᠡᠭᠡ ᠨᠡᠮᠡᠭᠳᠡᠬᠦ ᠶᠢ ᠳᠠᠭᠠᠯᠳᠤᠨ ᠨᠡᠭᠦᠷᠡᠰᠦᠨ ᠤ ᠵᠠᠬ᠎ᠠ ᠵᠡᠭᠡᠯᠢ ᠬᠦᠭ᠍ᠵᠢᠶᠡᠨᠲᠠᠢ ᠪᠤᠯᠵᠤ᠂ ᠨᠡᠭᠦᠷᠡᠰᠦᠨ ᠤ ᠦᠨ᠎ᠠ ᠦᠰᠪᠡ᠂ ᠭᠡᠪᠡᠴᠤ ᠤᠳᠠᠬᠤ ᠦᠭᠡᠢ ᠪᠠᠭᠤᠷᠠᠬᠤ ᠪᠤᠯᠤᠮᠵᠢ ᠲᠠᠢ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ 7 ᠰᠠᠷ᠎ᠠ ᠶᠢᠨ 6 ᠤ ᠡᠳᠦᠷ ᠳᠠᠯᠠᠢ ᠳᠠᠭᠠᠤ ᠶᠢᠨ 6 ᠲᠤᠮᠤ ᠴᠠᠬᠢᠯᠭᠠᠨ ᠦᠢᠯᠡᠳᠪᠦᠷᠢ ᠡᠳᠦᠷ ᠲᠤ 64.8 ᠲᠦᠮᠡᠨ ᠲᠤᠨ ᠨᠡᠭᠦᠷᠡᠰᠦ ᠵᠠᠷᠤᠴᠠᠭᠤᠯᠵᠤ᠂ ᠦᠩᠭᠡᠷᠡᠭᠰᠡᠨ ᠭᠠᠷᠠᠭ ᠡᠴᠡ 6.9% ᠪᠡᠷ ᠨᠡᠮᠡᠭᠳᠡᠪᠠ᠃ ᠤᠳᠤᠬᠠᠨ ᠳᠤ 1328.78 ᠲᠦᠮᠡᠨ ᠲᠤᠨ ᠤ ᠬᠠᠳᠠᠭᠠᠯᠠᠭᠳᠠᠴᠠ ᠲᠠᠢ᠂ 21 ᠡᠳᠦᠷ ᠬᠡᠷᠡᠭᠯᠡᠵᠤ ᠭᠦᠢᠴᠡᠨ᠎ᠠ᠃ 7 ᠰᠠᠷ᠎ᠠ ᠶᠢᠨ 4 ᠤ ᠡᠳᠦᠷ ᠪᠤᠯᠲᠠᠯ᠎ᠠ᠂ ᠪᠦᠸᠸᠬᠠᠢ ᠲᠠᠩᠭᠢᠰ ᠢ ᠳᠠᠭᠠᠭᠰᠠᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠶᠢᠨ ᠵᠢᠭᠠᠯᠲᠠ ᠲᠤᠭ᠎ᠠ ᠶᠢᠨ ᠵᠠᠬ᠎ᠠ ᠬᠠᠭᠠᠬᠤ ᠦᠶ᠎ᠠ ᠶᠢᠨ ᠬᠠᠩᠰᠢ ᠨᠢ ᠲᠤᠨ ᠪᠦᠷᠢ ᠳᠤ ᠪᠡᠨ 580 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ ᠲᠤᠨ ᠪᠦᠷᠢ ᠳᠤ ᠪᠡᠨ 3 ᠲᠦᠬᠦᠷᠢᠭ᠌ ᠨᠡᠮᠡᠭᠳᠡᠪᠠ᠂ ᠦᠨ᠎ᠠ ᠶᠢᠨ ᠵᠢᠭᠠᠯᠲᠠ ᠲᠤᠭ᠎ᠠ 4 ᠬᠤᠭᠤᠴᠠᠭ᠎ᠠ ᠳᠠᠷᠠᠭᠠᠯᠠᠨ ᠦᠰᠴᠤ᠂ ᠨᠡᠶᠢᠯᠡᠭᠡᠳ ᠲᠤᠨ ᠪᠦᠷᠢ ᠳᠤ ᠪᠡᠨ 18 ᠲᠦᠬᠦᠷᠢᠭ᠌ ᠦᠰᠪᠠ᠃

    ᠲᠤᠰᠬᠠᠢ ᠮᠡᠷᠭᠡᠵᠢᠯᠲᠠ ᠤ ᠢᠯᠡᠷᠬᠡᠶᠢᠯᠡᠭᠰᠡᠨ ᠢᠶᠡᠷ᠂ 6 ᠰᠠᠷ᠎ᠠ ᠶᠢᠨ ᠰᠡᠭᠦᠯᠴᠢ ᠪᠡᠷ ᠤᠯᠤᠰ ᠤᠨ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠡᠴᠡ ᠨᠡᠭᠦᠷᠡᠰᠦᠨ ᠤ ᠦᠨ᠎ᠠ ᠬᠡᠲᠤ ᠬᠤᠷᠳᠤᠨ ᠦᠰᠬᠦ ᠶᠢ ᠬᠤᠷᠢᠭᠯᠠᠵᠤ᠂ ᠤᠶᠢᠷ᠎ᠠ ᠶᠢᠨ ᠬᠤᠭᠤᠴᠠᠭᠠᠨ ᠳᠤ ᠱᠸᠨ ᠬᠤᠸᠠ᠂ ᠵᠦᠩ ᠮᠸᠶ ᠪᠦᠯᠦᠭᠯᠡᠯ ᠤᠨ ᠨᠡᠭᠦᠷᠡᠰᠦᠨ ᠤ ᠦᠨ᠎ᠠ ᠪᠠᠭᠤᠷᠠᠵᠤ᠂ ᠤᠯᠠᠨ ᠪᠦᠰᠡ ᠨᠤᠲᠤᠭ ᠤᠨ ᠨᠡᠭᠦᠷᠡᠰᠦᠨ ᠤ ᠦᠨ᠎ᠠ ᠶᠢᠨ ᠦᠰᠦᠯᠲᠠ ᠡᠬᠢᠯᠡᠨ ᠪᠠᠭᠤᠷᠠᠵᠤ ᠪᠤᠢ᠂ ᠲᠤᠰ ᠤᠳᠠᠭᠠᠨ ᠤ ᠨᠡᠭᠦᠷᠡᠰᠦᠨ ᠤ ᠦᠨ᠎ᠠ ᠶᠢᠨ ᠦᠰᠦᠯᠲᠡ ᠨᠢ ᠭᠤᠤᠯᠳᠠᠭᠤ ᠤᠯᠠᠷᠢᠯ ᠤᠨ ᠴᠢᠨᠠᠷᠲᠠᠢ ᠨᠦᠯᠦᠭᠡᠯᠡᠯ ᠡᠴᠡ ᠪᠤᠯᠵᠠᠢ᠂ ᠤᠬᠤᠷ ᠬᠤᠭᠤᠴᠠᠭᠠᠨ ᠳᠤ ᠦᠰᠦᠭᠡᠳ ᠡᠷᠭᠢᠵᠤ ᠪᠠᠭᠤᠷᠠᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121295595