蒙古文网站Logo
ᠰᠢᠨᠬᠤᠸᠠ ᠮᠤᠩᠭ᠋ᠤᠯ ᠨᠧᠲ

1 ᠡᠴᠡ 5 ᠰᠠᠷ᠎ᠠ ᠳᠤ ᠬᠦᠬᠡᠬᠤᠲᠠ ᠶᠢᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢᠯᠡᠯ ᠤᠨ ᠦᠷᠲᠡᠭ 782.9 ᠳ᠋ᠦᠩᠰᠢᠭᠤᠷ ᠲᠦᠬᠦᠷᠢᠭ᠌ ᠢ ᠪᠡᠶᠡᠯᠡᠭᠦᠯᠪᠡ

2017-07-12 15:53

    ᠦᠨᠦ ᠵᠢᠯ ᠤᠨ 1 ᠡᠴᠡ 5 ᠰᠠᠷ᠎ᠠ ᠳᠤ ᠬᠦᠬᠡᠬᠤᠲᠠ ᠶᠢᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢᠯᠡᠯ ᠤᠨ ᠦᠷᠲᠡᠭ 782.9 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 10.6% ᠪᠡᠷ ᠨᠡᠮᠡᠭᠳᠡᠨ ᠦ᠌ᠩᠭᠡᠷᠡᠭᠰᠡᠨ ᠡᠭᠡᠯᠵᠢ ᠶᠢᠨ ᠬᠢ ᠲᠠᠢ ᠠᠳᠠᠯᠢ ᠲᠦᠪᠰᠢᠨ ᠳᠤ ᠪᠤᠢ᠃ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢᠯᠡᠯ ᠤᠨ ᠨᠡᠮᠡᠭᠳᠡᠯ ᠦᠷᠲᠡᠭ 5.4% ᠪᠡᠷ ᠨᠡᠮᠡᠭᠳᠡᠵᠤ᠂ ᠦᠩᠭᠡᠷᠡᠭᠰᠡᠨ ᠡᠭᠡᠯᠵᠢ ᠡᠴᠡ ᠵᠠᠭᠤᠨ ᠤ ᠬᠠᠷᠢᠴᠠᠯ ᠢᠶᠡᠷ 0.7 ᠪᠡᠷ ᠨᠡᠮᠡᠭᠳᠡᠪᠡ᠃ ᠠᠵᠤ ᠦᠢᠯᠡᠳᠪᠦᠷᠢᠯᠡᠯ ᠤᠨ ᠪᠦᠲᠦᠭᠡᠮᠵᠢ᠂ ᠦᠨ᠎ᠠ ᠬᠠᠩᠰᠢ᠂ ᠠᠵᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠷ᠎ᠠ ᠠᠰᠢᠭ᠂ ᠠᠵᠤ ᠦᠢᠯᠡᠳᠪᠦᠷᠢᠯᠡᠯ ᠤᠨ ᠴᠠᠬᠢᠯᠭᠠᠨ ᠬᠡᠷᠡᠭᠰᠡᠬᠦ ᠬᠡᠮᠵᠢᠶ᠎ᠠ ᠵᠡᠷᠭᠡ ᠠᠵᠤ ᠦᠢᠯᠡᠳᠪᠦᠷᠢᠯᠡᠯ ᠤᠨ ᠡᠳ᠋ ᠤᠨ ᠵᠠᠰᠠᠭ ᠤᠨ ᠡᠵᠡᠭᠨᠡᠯᠲᠡ ᠶᠢᠨ ᠪᠠᠶᠢᠳᠠᠯ ᠢ ᠲᠤᠰᠬᠠᠬᠤ ᠡᠯ᠎ᠠ ᠲᠦᠷᠦᠯ ᠤᠨ ᠬᠦᠢᠴᠡᠳᠭᠡᠯ ᠲᠤᠭ᠎ᠠ ᠨᠤᠷᠮ᠎ᠠ ᠬᠡᠪ ᠤᠨ ᠪᠠᠶᠢᠳᠠᠯ ᠳᠤ ᠪᠡᠨ ᠪᠤᠢ᠃ ᠤᠷᠤᠨ ᠳᠠᠶᠠᠭᠠᠷ ᠤᠨ ᠪᠠᠶᠢᠳᠠᠯ ᠡᠴᠡ ᠠᠪᠴᠤ ᠦᠵᠡᠪᠡᠯ᠂ ᠦᠨ᠎ᠠ ᠬᠠᠩᠰᠢ ᠶᠢᠨ ᠵᠢᠭᠠᠯᠲᠠ ᠲᠤᠭ᠎ᠠ ᠶᠢ ᠲᠤᠬᠢᠷᠠᠭᠤᠯᠤᠭᠰᠠᠨ ᠡᠴᠡ ᠡᠯ᠎ᠠ ᠠᠶᠢᠮᠠᠭ ᠬᠤᠲᠠ ᠶᠢᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢᠯᠡᠯ ᠤᠨ ᠨᠡᠮᠡᠭᠳᠡᠯ ᠤᠨ ᠬᠤᠷᠳᠤᠴᠠ ᠪᠠᠭ᠎ᠠ ᠤᠳᠠᠭᠠᠰᠢᠷᠠᠪᠠ᠃ ᠦᠬᠠᠢ ᠬᠤᠲᠠ᠂ ᠪᠤᠭᠤᠲᠤ ᠬᠤᠲᠠ᠂ ᠬᠢᠩᠭ᠋ᠠᠨ ᠠᠶᠢᠮᠠᠭ ᠲᠤᠰ ᠲᠤᠰ 8.7%᠂ 8.3%᠂ 7.2% ᠢᠶᠡᠷ ᠨᠡᠮᠡᠭᠳᠡᠭᠰᠡᠨ ᠡᠴᠡ ᠭᠠᠳᠠᠨ᠎ᠠ ᠪᠤᠰᠤᠳ ᠶᠢᠰᠦᠨ ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠴᠦᠮ᠎ 7% ᠡᠴᠡ ᠳᠤᠤᠷ᠎ᠠ ᠪᠤᠢ᠃ ᠲᠤᠰᠤ ᠪᠤᠯᠪᠠᠰᠤᠷᠠᠭᠤᠯᠬᠤ ᠦᠢᠯᠡᠰ ᠤᠨ ᠦᠨ᠎ᠠ ᠶᠢᠨ ᠵᠢᠭᠠᠯᠲᠠ ᠲᠤᠭ᠎ᠠ ᠦᠰᠴᠤ᠂ ᠲᠤᠰᠤ ᠪᠤᠯᠪᠠᠰᠤᠷᠠᠭᠤᠯᠬᠤ ᠦᠢᠯᠡᠳᠪᠦᠷᠢ 4 ᠰᠠᠷ᠎ᠠ ᠳᠤ ᠲᠦᠷ ᠴᠠᠭ ᠦᠢᠯᠡᠳᠪᠦᠷᠢᠯᠡᠯ ᠵᠤᠭᠰᠤᠭᠰᠠᠨ ᠵᠡᠷᠭᠡ ᠪᠤᠰᠤᠳᠴᠢ ᠰᠢᠯᠲᠠᠭᠠᠨ ᠡᠴᠡ ᠪᠤᠯᠵᠤ᠂ ᠬᠦᠬᠡᠬᠤᠲᠠ ᠶᠢᠨ 1 ᠡᠴᠡ 5 ᠰᠠᠷ᠎ᠠ ᠶᠢᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢᠯᠡᠯ ᠤᠨ ᠨᠡᠮᠡᠭᠳᠡᠯ ᠦᠷᠳᠡᠭ 5.4% ᠪᠠᠶᠢᠵᠤ᠂ ᠦᠪᠦᠷ ᠮᠣᠩᠭᠣᠯ ᠤᠨ ᠳᠤᠮᠳᠠᠴᠢ ᠬᠢᠷᠢ ᠲᠦᠪᠰᠢᠨ ᠡᠴᠡ ᠵᠠᠭᠤᠨ ᠤ ᠬᠠᠷᠢᠴᠠᠯ ᠢᠶᠡᠷ 1.0  ᠲᠤᠤᠷ᠎ᠠ ᠪᠤᠯᠵᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121307839