蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠷᠤᠰ ᠮᠤᠩᠭ᠋ᠤᠯ ᠤᠨ ᠪᠤᠭᠤᠮᠳᠠ ᠶᠢᠨ ᠬᠠᠮᠳᠤᠷᠠᠯᠴᠠᠭᠠᠨ ᠤ ᠲᠦᠪ ᠨᠢ ᠭᠤᠷᠪᠠᠨ ᠤᠯᠤᠰ ᠤᠨ ᠠᠷᠠᠯᠵᠢᠶ᠎ᠠ ᠶᠢ ᠬᠤᠷᠳᠤᠰᠬᠠᠪᠠ 

2017-07-14 16:34

   ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠮᠠᠨᠵᠤᠤᠷ ᠬᠤᠳᠠ ᠶᠢᠨ ᠵᠠᠰᠠᠭ ᠤᠨ ᠤᠷᠳᠤᠨ 11 ᠤ ᠡᠳᠦᠷ ᠲᠤᠮᠳᠠᠳᠤ᠂ ᠤᠷᠤᠰ᠂ ᠮᠤᠩᠭ᠋ᠤᠯ ᠭᠤᠷᠪᠠᠨ ᠤᠯᠤᠰ ᠤᠨ ᠪᠤᠭᠤᠮᠳᠠ ᠶᠢᠨ ᠬᠠᠮᠳᠤᠷᠠᠯᠴᠠᠭᠠᠨ ᠤ ᠲᠦᠪ ᠮᠠᠨᠵᠤᠤᠷ ᠬᠤᠳᠠ ᠳᠤ ᠪᠠᠢᠭᠤᠯᠤᠭᠳᠠᠭᠰᠠᠨ ᠢ ᠵᠠᠷᠯᠠᠪᠠ᠃

    ᠮᠠᠨᠵᠤᠤᠷ ᠬᠤᠳᠠ ᠶᠢᠨ ᠵᠠᠰᠠᠭ ᠤᠨ ᠤᠷᠳᠤᠨ ᠤ ᠮᠡᠳᠡᠬᠡ ᠢᠢ ᠦᠨᠳᠦᠰᠦᠯᠡᠪᠡᠯ᠂ ᠲᠤᠮᠳᠠᠳᠤ᠂ ᠤᠷᠤᠰ᠂ ᠮᠤᠩᠭ᠋ᠤᠯ ᠤᠨ ᠪᠤᠭᠤᠮᠳᠠ ᠶᠢᠨ ᠬᠠᠮᠳᠤᠷᠠᠯᠴᠠᠭᠠᠨ ᠤ ᠲᠦᠪ ᠪᠤᠯ ᠮᠠᠨᠵᠤᠤᠷ ᠤᠨ ᠵᠠᠰᠠᠮᠠᠯ ᠵᠠᠮ ᠤᠨ ᠪᠤᠭᠤᠮᠳᠠ ᠶᠢ ᠦᠷᠭᠡᠳᠭᠡᠨ ᠲᠡᠰ ᠲᠡᠪᠰᠢᠬᠦᠯᠦᠭᠰᠡᠨ ᠢᠨᠵᠸᠨ᠋ᠸᠷᠢᠩ ᠤᠨ ᠴᠢᠬᠤᠯᠠ ᠠᠭᠤᠯᠭ᠎ᠠ ᠪᠤᠯᠤᠨ᠎ᠠ᠃ ᠲᠤᠰ ᠲᠦᠪ ᠲᠤ ᠬᠠᠮᠳᠤᠷᠠᠨ ᠪᠠᠶᠢᠴᠠᠭᠠᠬᠤ ᠰᠠᠯᠠᠭ᠎ᠠ ᠮᠦᠴᠢᠷ ᠤᠨ  ᠠᠯᠪᠠᠨ᠂ ᠪᠤᠭᠤᠮᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠯᠪᠠᠨ᠂ ᠢᠮᠫᠤᠷᠲ ᠡᠺᠰᠫᠤᠷᠲ ᠺᠤᠮᠫᠠᠨᠢ  ᠶᠢᠨ ᠠᠯᠪᠠᠨ ᠂ ᠮᠦᠩᠬᠦ ᠶᠢᠨ ᠵᠢᠬᠡᠯᠡᠯᠬᠡ ᠶᠢᠨ ᠺᠤᠮᠫᠠᠨᠢ ᠶᠢᠨ ᠠᠯᠪᠠᠨ᠂ ᠪᠤᠭᠤᠮᠳᠠ ᠪᠡᠷ ᠦᠩᠬᠡᠷᠡᠬᠦ ᠪᠠ ᠪᠠᠶᠢᠴᠠᠭᠠᠬᠤ ᠶᠢ ᠬᠦᠢᠴᠡᠳᠬᠡᠬᠦ ᠨᠢᠬᠡ ᠦᠷᠳᠡᠭᠡᠴᠢᠯᠡᠭᠰᠡᠨ ᠲᠢᠩᠬᠢᠮ᠂ ᠡᠯᠸᠺᠲ᠋ᠷᠤᠨ ᠪᠤᠭᠤᠮᠳᠠ ᠬᠢᠬᠡᠳ ᠪᠤᠭᠤᠮᠳᠠ ᠦᠩᠬᠡᠷᠡᠬᠦ ᠡᠯᠸᠺᠲ᠋ᠷᠤᠨᠴᠢᠯᠠᠬᠰᠠᠨ ᠲᠢᠩᠭᠢᠮ᠂ ᠬᠢᠯᠢ ᠲᠠᠮᠨᠠᠭᠰᠠᠨ ᠡᠯᠸᠺᠲ᠋ᠷᠤᠨ ᠬᠤᠳᠠᠯᠳᠤᠭ᠎ᠠ ᠪᠤᠯᠤᠨ ᠦᠢᠯᠡᠳᠪᠦᠷᠢ ᠬᠤᠳᠠᠯᠳᠤᠭ᠎ᠠ ᠶᠢᠨ ᠤᠯᠤᠰ ᠠᠯᠤᠰᠯᠠᠭᠰᠠᠨ ᠠᠷᠠᠯᠵᠢᠶᠠᠨ ᠤ ᠦᠵᠡᠬᠦᠯᠦᠯᠬᠡ ᠶᠢᠨ ᠲᠢᠩᠬᠢᠮ᠂ ᠲᠤᠮᠳᠠᠳᠤ ᠤᠷᠤᠰ ᠤᠨ ᠪᠤᠭᠤᠮᠳᠠ ᠶᠢᠨ ᠠᠵᠢᠯ ᠤᠨ ᠠᠭᠤᠯᠵᠠᠯᠳᠠ ᠶᠢᠨ ᠲᠠᠰᠤᠭ ᠵᠡᠷᠬᠡ ᠠᠵᠢᠯᠯᠠᠬᠤ ᠦᠷᠤᠬᠡ ᠲᠠᠢ ᠪᠠᠶᠢᠳᠠᠭ᠃

    ᠲᠤᠰ ᠬᠤᠳᠠ ᠲᠤᠮᠳᠠᠳᠤ᠂ ᠤᠷᠤᠰ᠂ ᠮᠤᠩᠭ᠋ᠤᠯ ᠤᠯᠤᠰ ᠤᠨ ᠪᠤᠭᠤᠮᠳᠠ ᠶᠢᠨ ᠬᠠᠮᠳᠤᠷᠠᠯᠴᠠᠭᠠᠨ ᠤ ᠲᠦᠪ ᠪᠠᠶᠢᠭᠤᠯᠤᠭᠳᠠᠬᠰᠠᠨ ᠲᠠᠰᠢᠷᠠᠮ ᠢᠶᠡᠷ ᠤᠷᠤᠰ ᠲᠤ ᠬᠠᠨᠳᠤᠭᠤᠯᠤᠭᠰᠠᠨ ᠠᠷᠠᠯᠵᠢᠶ᠎ᠠ᠂ ᠠᠶᠠᠯᠠᠯ ᠵᠢᠭᠤᠯᠴᠢᠯᠠᠯ᠂ ᠰᠤᠶᠤᠯ ᠢᠷᠭᠡᠨᠰᠢᠯ ᠤᠨ ᠰᠤᠯᠢᠯᠴᠠᠭ᠎ᠠ᠂ ᠠᠷᠠᠳ ᠤᠨ ᠬᠤᠭᠤᠷᠤᠨᠳᠤᠬᠢ ᠶᠠᠪᠤᠯᠴᠠᠭ᠎ᠠ ᠶᠢ ᠦᠷᠭᠡᠳᠬᠡᠬᠦ ᠳᠤ ᠠᠶᠤᠯᠬᠦᠢ ᠪᠦᠭᠡᠳ ᠰᠠᠭᠠᠳ ᠦᠭᠡᠢ ᠪᠤᠭᠤᠮᠳᠠ ᠶᠢᠨ ᠵᠠᠮ ᠱᠤᠭᠤᠮ ᠬᠠᠩᠭ᠋ᠠᠵᠤ᠂ ᠲᠤᠮᠳᠠᠳᠤ᠂ ᠤᠷᠤᠰ᠂ ᠮᠤᠩᠭ᠋ᠤᠯ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠳᠤ ᠬᠤᠪᠢ ᠨᠡᠮᠡᠷᠢ ᠦᠵᠡᠭᠦᠯᠤᠨ᠎ᠠ ᠭᠡᠵᠦ ᠮᠠᠨᠵᠤᠤᠷ ᠬᠤᠳᠠ ᠶᠢᠨ ᠵᠠᠰᠠᠭ ᠤᠨ ᠤᠷᠳᠤᠨ  ᠢᠯᠡᠳᠭᠡᠪᠡ ᠃

    ᠦᠪᠦᠷ ᠮᠤᠩᠭ᠋ᠤᠯ ᠤᠨ ᠬᠤᠳᠠᠯᠳᠤᠭᠠᠨ ᠤ ᠲᠢᠩᠭᠢᠮ ᠤᠨ ᠲᠡᠳ᠋ ᠲᠠᠷᠤᠭ᠎ᠠ᠂ ᠪᠤᠭᠤᠮᠳᠠ ᠶᠢᠨ ᠬᠡᠷᠡᠭ ᠡᠷᠬᠢᠯᠡᠭᠦ ᠭᠠᠵᠠᠷ ᠤᠨ ᠡᠷᠬᠢᠯᠡᠭᠴᠢ ᠬᠦᠸᠸ ᠭᠠᠩ ᠄《 ᠮᠠᠨᠵᠤᠤᠷ ᠬᠤᠳᠠ ᠡᠨᠡᠬᠦ ᠲᠠᠰᠢᠷᠠᠮ ᠢᠶᠡᠷ ᠲᠤᠮᠳᠠᠳᠤ᠂ ᠤᠷᠤᠰ᠂ ᠮᠤᠩᠭ᠋ᠤᠯ ᠤᠯᠤᠰ ᠤᠨ ᠡᠳ᠋ ᠤᠨ ᠵᠠᠰᠠᠭ ᠤᠨ ᠬᠤᠩᠬᠢᠯ ᠢ ᠪᠦᠳᠦᠬᠡᠨ ᠪᠠᠶᠢᠭᠤᠯᠬᠤ ᠶᠢᠨ ᠲᠠᠭᠠᠤ ᠵᠠᠰᠠᠮᠠᠯ ᠵᠠᠮ ᠤᠨ ᠪᠤᠭᠤᠮᠳᠠ ᠶᠢᠨ ᠲᠠᠯᠳᠠ ᠬᠦᠴᠦᠨ ᠢ ᠠᠭᠤᠳᠠᠯᠯᠠᠬᠤ ᠪᠦᠭᠡᠳ ᠵᠠᠰᠠᠮᠠᠯ ᠵᠠᠮ ᠤᠨ ᠪᠤᠭᠤᠮᠳᠠ ᠪᠡᠷ ᠪᠠᠷᠠᠭ᠎ᠠ ᠲᠡᠭᠡᠭᠡᠪᠦᠷᠢᠯᠡᠨ ᠦᠩᠬᠡᠷᠡᠬᠦ ᠬᠡᠮᠵᠢᠶ᠎ᠡ ᠶᠢᠨ ᠨᠡᠮᠡᠭᠳᠡᠯ ᠳ᠋ᠦ ᠰᠢᠨ᠎ᠡ ᠰᠢᠪᠳᠤᠯᠤᠯᠳᠠ ᠲᠡᠢ ᠪᠤᠯᠭᠠᠬᠤ ᠭᠡᠷᠡᠭᠳᠡᠢ》ᠭᠡᠵᠡᠢ᠃ 

ᠢᠷᠡᠯᠳᠡ᠄ ᠲᠤᠮᠳᠠᠳᠤ ᠤᠯᠤᠰ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121321362