蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠳᠤ ᠮᠠᠨ ᠤ ᠤᠯᠤᠰ ᠤᠨ GDP ᠦᠩᠭᠡᠷᠡᠭᠰᠡᠨ ᠤᠨ ᠤ ᠮᠦᠨ ᠦᠶ᠎ᠠ ᠡᠴᠡ 6.9% ᠪᠡᠷ ᠨᠡᠮᠡᠭᠳᠡᠪᠡ

2017-07-17 16:49

    ᠠᠩᠬ᠎ᠠ ᠠᠯᠬᠤᠮ ᠤᠨ ᠲᠤᠭᠠᠴᠠᠭ᠎ᠠ ᠶᠢ ᠦᠨᠳᠦᠰᠦᠯᠡᠪᠡᠯ᠂ ᠳᠦᠷᠦᠭᠦᠦ ᠬᠠᠭᠠᠰ ᠵᠢᠯ ᠤᠯᠤᠰ ᠤᠨ ᠲᠤᠳᠤᠭᠠᠲᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 381490 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 6.9% ᠪᠡᠷ ᠨᠡᠮᠡᠭᠳᠡᠪᠡ᠃ ᠤᠯᠠᠷᠢᠯ ᠬᠤᠪᠢᠶᠠᠨ ᠦᠵᠡᠪᠡᠯ᠂ ᠨᠢᠭᠡᠳᠦᠭᠡᠷ ᠤᠯᠠᠷᠢᠯ ᠳᠤ 6.9% ᠪᠡᠷ ᠨᠡᠮᠡᠭᠳᠡᠨ᠂ ᠬᠤᠶᠠᠳᠤᠭᠠᠷ ᠤᠯᠠᠷᠢᠯ ᠳᠤ ᠮᠦᠨ 6.9% ᠪᠡᠷ ᠨᠡᠮᠡᠭᠳᠡᠵᠠᠢ᠃ ᠠᠵᠤ ᠦᠢᠯᠡᠰ ᠬᠤᠪᠢᠶᠠᠨ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 21987 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 3.5% ᠪᠡᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 152987 ᠳ᠋ᠦᠩᠰᠢᠭᠤᠷ ᠲᠦᠬᠦᠷᠢᠭ᠌ ᠲᠤ ᠬᠦᠷᠴᠤ᠂ 6.4% ᠪᠡᠷ ᠨᠡᠮᠡᠭᠳᠡᠵᠠᠢ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 206516 ᠳ᠋ᠦᠩᠰᠢᠭᠤᠷ ᠲᠤ ᠬᠦᠷᠴᠤ᠂ 7.7 % ᠪᠡᠷ ᠨᠡᠮᠡᠭᠳᠡᠭᠰᠡᠨ ᠪᠠᠶᠢᠨ᠎ᠠ᠃ ᠦᠩᠭᠡᠷᠡᠭᠰᠡᠨ ᠡᠭᠡᠯᠵᠢ ᠡᠴᠡ ᠦᠵᠡᠪᠡᠯ᠂ ᠬᠤᠶᠠᠳᠤᠭᠠᠷ ᠤᠯᠠᠷᠯ ᠤᠨ ᠤᠯᠤᠰ ᠤᠨ ᠲᠤᠳᠤᠭᠠᠲᠤ ᠶᠢᠨ ᠦᠢᠯᠡᠳᠪᠦᠷᠢᠯᠡᠯ ᠤᠨ ᠦᠷᠲᠡᠭ 1.7% ᠪᠡᠷ ᠨᠡᠮᠡᠭᠳᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121332776