蒙古文网站Logo
ᠰᠢᠨᠬᠤᠸᠠ ᠮᠤᠩᠭ᠋ᠤᠯ ᠨᠧᠲ

ᠳᠡᠭᠡᠷ᠎ᠡ ᠬᠠᠭᠠᠰ ᠵᠢᠯ ᠳᠤ ᠤᠯᠠᠭᠠᠨᠴᠠᠪ ᠬᠤᠳᠠ ᠶᠢᠨ ᠡᠷᠴᠢᠮ ᠬᠦᠴᠦ ᠶᠢ ᠪᠣᠯᠪᠠᠰᠤᠷᠠᠭᠤᠯᠤᠨ ᠤᠯᠠᠷᠢᠭᠤᠯᠬᠤ ᠪᠦᠲᠦᠮᠵᠢ ᠰᠠᠶᠢᠨ ᠬᠢᠷᠢ ᠲᠦᠪᠰᠢᠨ ᠢᠶᠡᠨ ᠪᠠᠲᠤᠯᠠᠪᠠ

2017-07-18 11:36

    1-6 ᠰᠠᠷ᠎ᠠ ᠳᠤ᠂ ᠤᠯᠠᠭᠠᠨᠴᠠᠪ ᠬᠤᠲᠠ ᠬᠤᠶᠠᠷᠳᠠᠬᠢ ᠡᠷᠴᠢᠮ ᠬᠦᠴᠦ ᠪᠣᠯᠪᠠᠰᠤᠷᠠᠭᠤᠯᠤᠨ ᠤᠯᠠᠷᠢᠭᠤᠯᠬᠤ ᠳᠤ 483.62 ᠲᠦᠮᠡᠨ ᠲᠣᠨ ᠪᠠᠷᠢᠮᠵᠢᠶᠠᠲᠤ ᠨᠡᠭᠦᠷᠡᠰᠦ ᠣᠷᠣᠭᠤᠯᠵᠤ᠂ ᠡᠷᠴᠢᠮ ᠬᠦᠴᠦ ᠪᠣᠯᠪᠠᠰᠤᠷᠠᠭᠤᠯᠤᠨ ᠤᠯᠠᠷᠢᠭᠤᠯᠤᠭᠰᠠᠨ ᠭᠠᠷᠭᠠᠯᠲᠠ ᠶᠢᠨ ᠬᠡᠮᠵᠢᠶ᠎ᠡ 247.09 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠪᠣᠯᠪᠠᠰᠤᠷᠠᠭᠤᠯᠤᠨ ᠤᠯᠠᠷᠢᠭᠤᠯᠤᠭᠰᠠᠨ ᠶᠡᠷᠦᠩᠬᠡᠶ ᠪᠦᠲᠦᠮᠵᠢ ᠨᠢ 42.1% ᠳᠤ ᠬᠦᠷᠪᠡ᠃ ᠡᠨᠧᠷᠭᠢ ᠶᠢ ᠪᠣᠯᠪᠠᠰᠤᠷᠠᠭᠤᠯᠤᠨ ᠤᠯᠠᠷᠢᠭᠤᠯᠬᠤ ᠬᠢᠷᠢ ᠲᠦᠪᠰᠢᠨ ᠨᠢ ᠨᠡᠯᠢᠶᠡᠳ ᠰᠠᠶᠢᠨ ᠬᠢᠷᠢ ᠲᠦᠪᠰᠢᠨ ᠢᠶᠡᠨ ᠪᠠᠲᠤᠯᠠᠵᠤ ᠪᠤᠢ᠃ ᠲᠥᠷᠥᠯ ᠬᠤᠪᠢᠶᠠᠷᠢᠯᠠᠯ ᠠᠴᠠ ᠨᠢ ᠦᠵᠡᠪᠡᠯ᠂ ᠢᠯᠴᠢ ᠶᠢᠨ ᠴᠠᠬᠢᠯᠭᠠᠨ ᠪᠣᠯᠪᠠᠰᠤᠷᠠᠭᠤᠯᠤᠨ ᠤᠯᠠᠷᠢᠭᠤᠯᠤᠭᠰᠠᠨ ᠭᠠᠷᠭᠠᠯᠲᠠ ᠶᠢᠨ ᠬᠡᠮᠵᠢᠶ᠎ᠡ ᠨᠢ 216.38 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ᠪᠣᠯᠪᠠᠰᠤᠷᠠᠭᠤᠯᠤᠨ ᠤᠯᠠᠷᠢᠭᠤᠯᠤᠭᠰᠠᠨ ᠪᠦᠲᠦᠮᠵᠢ 39.5% ᠳᠤ ᠬᠦᠷᠪᠡ᠃ ᠳᠡᠭᠡᠷ᠎ᠡ ᠰᠠᠷ᠎ᠠ ᠶᠢᠨ ᠡᠷᠴᠢᠮ ᠬᠦᠴᠦ ᠪᠣᠯᠪᠠᠰᠤᠷᠠᠭᠤᠯᠤᠨ ᠤᠯᠠᠷᠢᠭᠤᠯᠤᠭᠰᠠᠨ ᠪᠦᠲᠦᠮᠵᠢ ᠲᠠᠢ ᠠᠳᠠᠯᠢᠳᠬᠠᠪᠠᠯ 0.1% ᠪᠠᠭᠤᠷᠠᠪᠠ᠃ ᠢᠯᠴᠢ ᠶᠢᠨ ᠬᠠᠩᠭ᠋ᠠᠯᠲᠠ ᠶᠢᠨ ᠪᠣᠯᠪᠠᠰᠤᠷᠠᠭᠤᠯᠤᠨ ᠤᠯᠠᠷᠢᠭᠤᠯᠤᠭᠰᠠᠨ ᠭᠠᠷᠭᠠᠯᠲᠠ ᠶᠢᠨ ᠬᠡᠮᠵᠢᠶ᠎ᠡ 30.72 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠪᠣᠯᠪᠠᠰᠤᠷᠠᠭᠤᠯᠤᠨ ᠤᠯᠠᠷᠢᠭᠤᠯᠤᠭᠰᠠᠨ ᠪᠦᠲᠦᠮᠵᠢ 80.1% ᠳᠤ ᠬᠦᠷᠪᠡ᠃ ᠳᠡᠭᠡᠷ᠎ᠡ ᠰᠠᠷ᠎ᠠ ᠶᠢᠨ ᠡᠷᠴᠢᠮ ᠬᠦᠴᠦ ᠪᠣᠯᠪᠠᠰᠤᠷᠠᠭᠤᠯᠤᠨ ᠤᠯᠠᠷᠢᠭᠤᠯᠤᠭᠰᠠᠨ ᠪᠦᠲᠦᠮᠵᠢ ᠲᠠᠢ ᠠᠳᠠᠯᠢᠳᠬᠠᠪᠠᠯ 0.2% ᠪᠡᠷ ᠨᠡᠮᠡᠭᠳᠡᠪᠡ᠃ ᠡᠭᠦᠨ ᠳᠤ᠂ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠶᠢ ᠪᠣᠯᠪᠠᠰᠤᠷᠠᠭᠤᠯᠤᠨ ᠤᠯᠠᠷᠢᠭᠤᠯᠤᠭᠰᠠᠨ ᠭᠠᠷᠭᠠᠯᠲᠠ ᠶᠢᠨ ᠬᠡᠮᠵᠢᠶ᠎ᠡ ᠨᠢ 86.64 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠪᠡ︔ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠪᠦᠲᠦᠮᠵᠢ ᠨᠢ 44.3% ᠳᠤ ᠬᠦᠷᠪᠡ︔ ᠳᠡᠭᠡᠷ᠎ᠡ ᠰᠠᠷ᠎ᠠ ᠶᠢᠨ ᠡᠷᠴᠢᠮ ᠬᠦᠴᠦ ᠪᠣᠯᠪᠠᠰᠤᠷᠠᠭᠤᠯᠤᠨ ᠤᠯᠠᠷᠢᠭᠤᠯᠤᠭᠰᠠᠨ ᠪᠦᠲᠦᠮᠵᠢ ᠲᠠᠢ ᠠᠳᠠᠯᠢᠳᠬᠠᠪᠠᠯ 1.2% ᠪᠠᠭᠤᠷᠠᠪᠠ︔ ᠨᠢᠳᠤᠨᠤᠨ ᠤ ᠠᠳᠠᠯᠢ ᠬᠤᠭᠤᠴᠠᠭᠠᠨ ᠤ ᠪᠣᠯᠪᠠᠰᠤᠷᠠᠭᠤᠯᠤᠨ ᠤᠯᠠᠷᠢᠭᠤᠯᠤᠭᠰᠠᠨ ᠪᠦᠲᠦᠮᠵᠢ ᠲᠠᠢ ᠠᠳᠠᠯᠢᠳᠬᠠᠪᠠᠯ ᠳᠡᠭᠡᠭ᠍ᠰᠢᠯᠡᠯᠲᠡ ᠲᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121337869