蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠦᠷᠦᠭᠦᠦ ᠬᠠᠭᠠᠰ ᠵᠢᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ 59.20% ᠢᠶᠡᠷ ᠨᠡᠮᠡᠭᠳᠡᠪᠡ

2017-07-24 11:45

    ᠰᠢᠨᠬᠤᠸᠠ ᠬᠤᠷᠢᠶ᠎ᠠ  ᠬᠦᠬᠡᠬᠤᠲᠠ ᠶᠢᠨ 7 ᠰᠠᠷ᠎᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠳ᠋ᠦᠩ ᠯᠦ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠠ ᠶᠢᠨ ᠵᠦᠪᠯᠡᠯ ᠤᠨ ᠦᠨ᠎ᠠ ᠬᠠᠩᠰᠢ ᠶᠢᠨ ᠬᠢᠨᠠᠨ ᠪᠠᠶᠢᠴᠠᠭᠠᠯᠲᠠ ᠶᠢᠨ ᠲᠦᠪ ᠡᠴᠡ ᠤᠶᠢᠯᠠᠭᠠᠬᠰᠠᠨ ᠢᠶᠡᠷ᠂  ᠲᠦᠷᠦᠭᠦᠦ ᠬᠠᠭᠠᠰ ᠵᠢᠯ ᠳᠤ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠶᠢᠨ ᠬᠡᠯᠪᠡᠯᠵᠡᠯᠲᠠ ᠪᠠᠭ᠎ᠠ᠂ ᠠᠭᠤᠷᠬᠠᠢ ᠡᠴᠡ ᠭᠠᠷᠭᠠᠭᠰᠠᠨ ᠳᠤᠮᠳᠠᠴᠢ ᠦᠨ᠎ᠠ ᠨᠢ ᠲᠤᠨ ᠪᠦᠷᠢ ᠳᠤ ᠪᠡᠨ 20.38 ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 59.20% ᠢᠶᠡᠷ ᠨᠡᠮᠡᠭᠳᠡᠪᠡ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠲᠦᠷᠦᠭᠦᠦ ᠬᠠᠭᠠᠰ ᠵᠢᠯ ᠳᠤ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠤᠷᠢᠳᠠᠵᠤ ᠦᠰᠦᠭᠡᠳ ᠳᠠᠷᠠᠭ᠎ᠠ ᠨᠢ ᠪᠠᠭᠤᠷᠠᠪᠠ᠃ 1 ᠡᠴᠡ 4 ᠰᠠᠷ᠎ᠠ᠎ ᠳᠤ᠂ ᠳᠤᠤᠷᠠᠲᠤ ᠲᠠᠯ᠎ᠠ ᠶᠢᠨ ᠬᠡᠷᠡᠭᠴᠡᠬᠡ ᠨᠡᠮᠡᠭᠳᠡᠭᠰᠡᠨ᠂ ᠪᠤᠭᠤᠮᠲᠠ ᠶᠢᠨ ᠨᠦᠬᠡᠴᠡ ᠪᠠᠭᠠᠳᠤᠭᠰᠠᠨ ᠵᠡᠷᠭᠡ ᠰᠢᠯᠲᠠᠭᠠᠨ ᠡᠴᠡ ᠪᠤᠯᠵᠤ ᠨᠡᠭᠦᠷᠡᠰᠦᠨ ᠤ ᠦᠨ᠎ᠠ 2016 ᠤᠨ ᠤ ᠰᠡᠭᠦᠯᠴᠢ ᠡᠴᠡ ᠡᠬᠢᠯᠡᠨ ᠪᠠᠭ᠎ᠠ ᠦᠰᠪᠡ᠃ ᠦᠨᠦ ᠵᠢᠯ ᠤᠨ 5᠂ 6 ᠰᠠᠷ᠎ᠠ ᠳᠤ ᠬᠦᠭ᠍ᠵᠢᠶᠡᠨᠲᠤ ᠪᠤᠰᠤ ᠤᠯᠠᠷᠢᠯ ᠪᠤᠯᠤᠨ ᠨᠡᠭᠦᠷᠡᠰᠦᠨ ᠤ ᠭᠠᠷᠤᠯᠲᠠ ᠨᠢ ᠨᠡᠮᠡᠭᠳᠡᠭᠰᠡᠨ ᠡᠴᠡ ᠨᠡᠭᠦᠷᠡᠰᠦᠨ ᠤ ᠦᠨ᠎ᠠ ᠡᠷᠭᠢᠯᠲᠠ ᠶᠢᠨ ᠪᠠᠶᠢᠳᠠᠯ ᠲᠠᠢ ᠪᠤᠯᠪᠠ᠃ 6 ᠰᠠᠷ᠎ᠠ ᠪᠤᠯᠲᠠᠯ᠎ᠠ᠂ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠶᠢᠨ ᠠᠭᠤᠷᠬᠠᠢ ᠡᠴᠡ ᠭᠠᠷᠭᠠᠭᠰᠠᠨ ᠳᠤᠮᠳᠠᠴᠢ ᠦᠨ᠎ᠠ ᠲᠤᠨ ᠪᠦᠷᠢ ᠳᠤ ᠪᠡᠨ 196.20 ᠲᠦᠬᠦᠷᠢᠭ᠌ ᠲᠤ ᠬᠦᠷᠴᠤ᠂ ᠵᠢᠯ ᠤᠨ ᠡᠬᠢᠨ ᠡᠴᠡ 1.48% ᠪᠡᠷ ᠪᠠᠭᠤᠷᠠᠵᠠᠢ᠃

    ᠠᠳᠠᠯᠢ ᠬᠤᠭᠤᠴᠠᠭᠠᠨ ᠳᠡᠬᠢ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠬᠤᠳᠠᠯᠳᠤᠨ ᠤᠷᠤᠭᠤᠯᠬᠤ ᠦᠨ᠎ᠠ ᠦᠷᠭᠦᠯᠵᠢᠯᠡᠨ ᠦᠰᠴᠤ ᠳᠤᠮᠳᠠᠴᠢ ᠦᠨ᠎ᠠ ᠨᠢ ᠲᠤᠨ ᠪᠦᠷᠢ ᠳᠤ ᠪᠡᠨ 207.4 ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 60.44% ᠪᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121370196