蒙古文网站Logo
ᠰᠢᠨᠬᠤᠸᠠ ᠮᠤᠩᠭ᠋ᠤᠯ ᠨᠧᠲ

ᠪᠤᠭᠤᠲᠤ ᠬᠤᠲᠠ《 ᠳᠤᠯᠤᠭᠠᠨ ᠲᠤᠤᠷ ᠳᠤᠯᠤᠭᠠᠨ ᠦᠢᠯᠡᠰ》 ᠤᠨ ᠪᠦᠲᠦᠭᠡᠨ ᠪᠠᠶᠢᠭᠤᠯᠤᠯᠲᠠ ᠳᠤ 195.3 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠪᠡ

2017-07-25 11:05

    7 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠪᠤᠭᠤᠲᠤ ᠬᠤᠲᠠ ᠶᠢᠨ ᠵᠠᠰᠠᠭ ᠤᠨ ᠤᠷᠳᠤᠨ ᠤ ᠬᠡᠪᠯᠡᠯ ᠮᠡᠳᠡᠭᠡᠯᠡᠯ ᠤᠨ ᠠᠯᠪᠠᠨ ᠤ ᠬᠡᠪᠯᠡᠯ ᠮᠡᠳᠡᠭᠡᠯᠡᠯ ᠨᠡᠶᠢᠲᠡᠯᠡᠬᠦ ᠬᠤᠷᠠᠯ ᠡᠴᠡ ᠤᠶᠢᠯᠠᠭᠠᠭᠰᠠᠨ ᠢᠶᠡᠷ᠂ ᠲᠦᠷᠦᠭᠦᠦ ᠬᠠᠭᠠᠰ ᠵᠢᠯ ᠲᠤᠰ ᠬᠤᠲᠠ 125《 ᠲᠤᠯᠤᠭᠠᠨ ᠲᠤᠤᠷ》《 ᠳᠤᠯᠤᠭᠠᠨ ᠦᠢᠯᠡᠰ》 ᠤ᠋ᠨ ᠲᠦᠰᠦᠯ ᠢ ᠪᠦᠲᠦᠭᠡᠨ ᠪᠠᠶᠢᠭᠤᠯᠵᠤ ᠪᠠᠶᠢᠨ᠎ᠠ᠂ ᠲᠦᠯᠦᠪᠯᠡᠭᠰᠡᠨ ᠶᠡᠷᠦᠩᠬᠡᠢ ᠬᠦᠷᠦᠩᠭᠡ ᠤᠷᠤᠭᠤᠯᠤᠯᠲᠠ ᠨᠢ 1465.0 ᠳ᠋ᠦᠩᠰᠢᠭᠤᠷ ᠲᠦᠬᠦᠷᠢᠭ᠌᠂ ᠲᠦᠷᠦᠭᠦᠦ ᠬᠠᠭᠠᠰ ᠵᠢᠯ195.3ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠪᠡ᠃

    《 ᠳᠤᠯᠤᠭᠠᠨ ᠲᠤᠤᠷ》 ᠢ᠋ ᠪᠦᠲᠦᠭᠡᠨ ᠪᠠᠶᠢᠭᠤᠯᠬᠤ ᠲᠠᠯ᠎ᠠ ᠪᠡᠷ᠂ ᠪᠤᠭᠤᠲᠤ ᠬᠤᠲᠠ ᠭᠤᠤᠯᠳᠠᠭᠤ ᠪᠦᠰᠡ ᠨᠤᠲᠤᠭ ᠤᠨ ᠬᠠᠮᠲᠤᠷᠠᠯᠴᠠᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠭᠠᠷ ᠭᠦᠢᠴᠡᠳᠭᠡᠯ ᠬᠢᠬᠦ᠂ ᠬᠦᠷᠦᠩᠭᠡ ᠴᠤᠭᠯᠠᠭᠤᠯᠬᠤ ᠵᠡᠷᠭᠡ ᠲᠠᠯ᠎ᠠ ᠳᠤ ᠬᠦᠴᠤ ᠲᠠᠯᠪᠢᠵᠤ ᠲᠦᠰᠦᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ 6 ᠰᠠᠷ᠎ᠠ᠎ ᠶᠢᠨ ᠰᠡᠭᠦᠯᠴᠢ ᠪᠤᠯᠳᠠᠯ᠎ᠠ᠂ ᠨᠡᠶᠢᠲᠡ 41《 ᠳᠤᠯᠤᠭᠠᠨ ᠲᠤᠤᠷ》 ᠤ᠋ᠨ ᠲᠦᠰᠦᠯ ᠢ ᠪᠠᠶᠢᠭᠤᠯᠤᠨ᠂ 750.2 ᠳ᠋ᠦᠩᠰᠢᠭᠤᠷ ᠲᠦᠬᠦᠷᠢᠭ᠌ ᠤᠨ  ᠶᠡᠷᠦᠩᠬᠡᠢ ᠬᠦᠷᠦᠩᠭᠡ ᠤᠷᠤᠭᠤᠯᠤᠯᠲᠠ ᠬᠢᠬᠦ ᠪᠡᠷ ᠲᠦᠯᠦᠪᠯᠡᠵᠤ᠂ ᠲᠦᠷᠦᠭᠦᠦ ᠬᠠᠭᠠᠰ ᠵᠢᠯ ᠳᠤ 64.0 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠭᠡᠳ ᠪᠤᠢ᠃

    《 ᠲᠤᠯᠤᠭᠠᠨ ᠦᠢᠯᠡᠰ》 ᠢ᠋ ᠪᠦᠲᠦᠭᠡᠨ ᠪᠠᠶᠢᠭᠤᠯᠬᠤ ᠲᠠᠯ᠎ᠠ ᠪᠡᠷ᠂ ᠪᠤᠭᠤᠲᠤ ᠬᠤᠲᠠ ᠬᠠᠩᠭ᠋ᠠᠯᠭ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠲᠤᠭᠤᠷᠢᠨ ᠳᠤ᠂ ᠲᠤᠯᠤᠭᠠᠨ ᠲᠤᠮᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠬᠦᠭ᠍ᠵᠢᠯ ᠤᠨ ᠠᠵᠤ ᠦᠢᠯᠡᠰ ᠤᠨ ᠲᠦᠰᠦᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠡᠷ ᠠᠬᠢᠭᠤᠯᠵᠤ᠂ ᠰᠢᠨ᠎ᠠ ᠡᠳ᠋ ᠤᠨ ᠵᠠᠰᠠᠭ ᠤᠨ ᠦᠰᠦᠯᠲᠡ ᠶᠢᠨ ᠴᠡᠭ ᠢ ᠬᠦᠭ᠍ᠵᠢᠭᠦᠯᠤᠨ᠂ ᠪᠦᠲᠦᠮᠵᠢᠲᠠᠢ ᠬᠦᠷᠦᠩᠭᠡ ᠤᠷᠤᠭᠤᠯᠤᠯᠲᠠ ᠪᠡᠷ ᠳᠠᠮᠵᠢᠨ ᠰᠢᠨ᠎ᠠ ᠬᠠᠭᠤᠴᠢᠨ ᠬᠦᠳᠡᠯᠭᠡᠭᠡᠨ ᠤ ᠡᠨ᠋ᠸᠷᠭᠢ ᠶᠢᠨ ᠰᠤᠯᠢᠭᠳᠠᠯ ᠢ ᠲᠦᠷᠭᠡᠳᠭᠡᠨ᠎ᠠ᠃ 6 ᠰᠠᠷ᠎᠎ᠠ ᠶᠢᠨ ᠰᠡᠭᠦᠯᠴᠢ ᠪᠤᠯᠳᠠᠯ᠎ᠠ᠂ ᠬᠤᠲᠠ ᠳᠠᠶᠠᠭᠠᠷ ᠨᠡᠶᠢᠲᠡ 84 《 ᠳᠤᠯᠤᠭᠠᠨ ᠲᠤᠤᠷ》 ᠤ᠋ᠨ ᠲᠦᠰᠦᠯ ᠳᠤ ᠬᠦᠷᠦᠩᠭᠡ ᠤᠷᠤᠭᠤᠯᠤᠯᠲᠠ ᠬᠢᠵᠠᠢ᠃ ᠡᠭᠦᠨ ᠳᠤ ᠪᠡᠨ 714.8 ᠳ᠋ᠦᠩᠰᠢᠭᠤᠷ ᠲᠦᠬᠦᠷᠢᠭ᠌ ᠤᠨ  ᠶᠡᠷᠦᠩᠬᠡᠢ ᠬᠦᠷᠦᠩᠭᠡ ᠤᠷᠤᠭᠤᠯᠤᠯᠲᠠ ᠬᠢᠬᠦ ᠪᠡᠷ ᠲᠦᠯᠦᠪᠯᠡᠵᠤ᠂ ᠲᠦᠷᠦᠭᠦᠦ ᠬᠠᠭᠠᠰ ᠵᠢᠯ ᠳᠤ 131.3 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠭᠡᠳ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121376007