蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ 224.4 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠬᠢᠵᠤ ᠬᠤᠲᠠ ᠶᠢᠨ ᠵᠠᠮ ᠬᠦᠭᠦᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ ᠪᠠᠢᠢᠨ᠎ᠠ

2017-07-28 10:46

    ᠦᠨᠦ ᠵᠢᠯ ᠡᠴᠡ ᠨᠠᠰᠢ᠂ ᠬᠦᠬᠡᠬᠤᠲᠠ ᠬᠤᠲᠠ ᠶᠢᠨ ᠵᠠᠮ᠂ ᠬᠦᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠢᠶᠡᠨ ᠦᠷᠭᠦᠯᠵᠢᠯᠡᠨ ᠨᠡᠮᠡᠭᠳᠡᠭᠦᠯᠪᠠ᠃ 2017 ᠤᠨ ᠡᠴᠡ ᠡᠬᠢᠯᠡᠨ 121 ᠵᠠᠮ᠂ ᠬᠦᠭᠦᠷᠭᠡ ᠤᠨ ᠲᠦᠰᠦᠯ ᠢ ᠪᠦᠲᠦᠭᠡᠨ ᠪᠠᠶᠢᠭᠤᠯᠬᠤ ᠲᠦᠯᠦᠪᠯᠡᠭᠡ ᠲᠠᠢ᠂ ᠶᠡᠷᠦᠩᠬᠡᠢ ᠬᠦᠷᠦᠩᠭᠡ ᠤᠷᠤᠭᠤᠯᠤᠯᠲᠠ ᠨᠢ 422 ᠳ᠋ᠦᠩᠰᠢᠭᠤᠷ ᠲᠦᠬᠦᠷᠢᠭ᠌᠂ ᠲᠤᠰ ᠵᠢᠯ ᠤᠨ ᠬᠦᠷᠦᠩᠭᠡ ᠤᠷᠤᠭᠤᠯᠤᠯᠳᠠ 224.4 ᠳ᠋ᠦᠩᠰᠢᠭᠤᠷ ᠲᠦᠬᠦᠷᠢᠭ᠌ ᠲᠤ ᠬᠦᠷᠪᠡ᠃

    ᠤᠶᠢᠯᠠᠭᠠᠭᠰᠠᠨ ᠢᠶᠡᠷ᠂ ᠡᠨᠡ ᠵᠢᠯ ᠬᠦᠬᠡᠬᠤᠲᠠ ᠶᠢᠨ ᠵᠠᠮ ᠬᠦᠬᠦᠷᠭᠡ ᠶᠢᠨ ᠰᠢᠨ᠎ᠠ ᠪᠠᠷ ᠪᠠᠢᠢᠭᠤᠯᠬᠤ 44 ᠲᠦᠰᠦᠯ ᠡᠴᠡ 16 ᠲᠦᠰᠦᠯ ᠢ ᠨᠢ ᠨᠢᠭᠡᠨᠲᠡ ᠡᠬᠢᠯᠡᠭᠦᠯᠵᠤ᠂ ᠦᠷᠭᠦᠯᠵᠢᠯᠡᠨ ᠪᠠᠶᠢᠭᠤᠯᠬᠤ ᠢᠨᠵᠸᠨ᠋ᠸᠷᠢᠩ ᠡᠴᠡ 27 ᠶᠢ ᠨᠢ ᠡᠬᠢᠯᠡᠭᠦᠯᠦᠭᠡᠳ ᠪᠤᠢ᠂ 4 ᠲᠦᠰᠦᠯ ᠳᠤ ᠨᠢᠭᠡᠨᠲᠡ ᠲᠡᠷᠭᠡ ᠨᠡᠪᠲᠡᠷᠡᠪᠡ᠃ ᠡᠭᠦᠨ ᠡᠴᠡ ᠭᠠᠳᠠᠨ᠎ᠠ᠂ ᠬᠦᠬᠡᠬᠤᠲᠠ ᠶᠢᠨ4 ᠨᠡᠶᠢᠲᠡ ᠶᠢᠨ ᠵᠠᠮ ᠬᠠᠷᠢᠯᠴᠭᠠᠨ ᠤ ᠬᠤᠳᠠ ᠶᠢᠨ ᠪᠦᠲᠦᠭᠡᠨ ᠪᠠᠶᠢᠭᠤᠯᠤᠯᠲᠠ  ᠶᠢᠨ ᠶᠡᠷᠦᠩᠬᠡᠢ ᠬᠦᠷᠦᠩᠭᠡ ᠤᠷᠤᠭᠤᠯᠤᠯᠲᠠ ᠨᠢ 18234 ᠲᠦᠮᠡᠨ ᠲᠦᠬᠦᠷᠢᠭ᠌᠂ ᠤᠨ ᠤ ᠬᠦᠷᠦᠩᠭᠡ ᠤᠷᠤᠭᠤᠯᠤᠯᠲᠠ ᠨᠢ 18189 ᠲᠦᠮᠡᠡ ᠲᠦᠬᠦᠷᠢᠭ᠌᠃ ᠭᠤᠤᠯᠳᠠᠭᠤ ᠵᠢᠨᠴᠤᠸᠠᠨ᠂ ᠭᠠᠯᠲᠤ ᠲᠡᠷᠭᠡᠨ ᠤ ᠵᠡᠭᠦᠨ ᠦᠷᠲᠡᠭᠡ᠂ ᠢᠦᠢ ᠯᠦ᠋ᠩ ᠠᠵᠤ ᠦᠢᠯᠡᠳᠪᠦᠷᠢ ᠶᠢᠨ ᠬᠦᠷᠢᠶᠡᠯᠡᠩ᠂ ᠤᠯᠤᠰ ᠤᠨ(ᠤᠮᠠᠷᠠᠲᠤ ᠶᠢᠨ) ᠬᠦᠯ ᠪᠦᠮᠪᠦᠭᠡ ᠶᠢᠨ ᠳᠠᠰᠬᠠᠯᠵᠢᠭᠤᠯᠬᠤ ᠰᠠᠭᠤᠷᠢᠨ ᠵᠡᠷᠭᠡ 4 ᠭᠠᠵᠠᠷ ᠲᠦ  ᠠᠦ᠋ᠲ᠋ᠤᠪᠦ᠋ᠰ ᠤᠨ ᠦᠷᠲᠡᠭᠡ ᠪᠠᠶᠢᠭᠤᠯᠵᠤ᠂ ᠪᠠᠭ᠎ᠠ ᠬᠤᠲᠠ ᠪᠠᠯᠭᠠᠰᠤᠨ ᠤ ᠲᠦᠯᠦᠪᠵᠢᠬᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ 4 ᠲᠦᠰᠦᠯ᠂ ᠴᠢᠩ ᠱᠦᠢ ᠾᠸ ᠰᠢᠶᠠᠨ ᠪᠤᠯᠤᠨ ᠦᠴᠤᠸᠠᠨ ᠰᠢᠶᠠᠨ ᠤ ᠲᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ᠂ ᠦᠴᠤᠸᠠᠨ ᠰᠢᠶᠠᠨ ᠤ ᠲᠸᠩ ᠹᠧᠢ ᠵᠠᠮ- ᠡᠦ ᠭ᠍ᠸ ᠵᠡᠷᠭᠡ 3 ᠵᠤᠷᠪᠤᠰ ᠵᠠᠰᠠᠮᠠᠯ ᠵᠡᠮ ᠨᠢᠭᠡᠨᠲᠠ ᠳᠠᠭᠠᠭᠠᠴᠢᠯᠠᠯᠳᠡ ᠵᠠᠷᠯᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121394694