蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠦᠪᠦᠷ ᠮᠣᠩᠭᠣᠯ ᠳ᠋ᠦᠩᠰᠢᠭᠤᠷ ᠲᠦᠬᠦᠷᠢᠭ᠌ ᠡᠴᠡ ᠳᠡᠭᠡᠭ᠍ᠰᠢᠬᠢ ᠬᠦᠷᠦᠩᠭᠡ ᠤᠷᠤᠭᠤᠯᠤᠯᠲᠠ ᠲᠠᠢ ᠠᠵᠤ ᠦᠢᠯᠡᠳᠪᠦᠷᠢ ᠶᠢᠨ ᠲᠦᠰᠦᠯ ᠤᠨ ᠰᠢᠨ᠎ᠠ ᠪᠡᠷ ᠡᠬᠢᠯᠡᠭᠦᠯᠦᠭᠰᠡᠨ ᠪᠠ ᠰᠡᠷᠭᠦᠭᠡᠨ ᠪᠠᠶᠢᠭᠤᠯᠤᠭᠰᠠᠨ ᠨᠤᠷᠮ᠎ᠠ 97.5% ᠳᠤ ᠬᠦᠷᠪᠡ

2017-07-28 10:46

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠪᠤᠯᠤᠨ ᠰᠤᠷᠠᠬ ᠵᠠᠩᠭᠢᠵᠢᠯᠲᠠ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠲᠦᠷᠦᠭᠦᠦ ᠬᠠᠭᠠᠰ ᠵᠢᠯ ᠤᠷᠤᠨ ᠳᠠᠶᠠᠭᠠᠷ ᠤᠨ ᠰᠢᠨ᠎ᠠ ᠪᠡᠷ ᠡᠬᠢᠯᠡᠭᠦᠯᠦᠭᠰᠡᠨ ᠪᠠ ᠰᠡᠷᠭᠦᠭᠡᠨ ᠪᠠᠶᠢᠭᠤᠯᠤᠭᠰᠠᠨ ᠳ᠋ᠦᠩᠰᠢᠭᠤᠷ ᠲᠦᠬᠦᠷᠢᠭ᠌ ᠡᠴᠡ ᠳᠡᠭᠡᠭ᠍ᠰᠢᠬᠢ ᠬᠦᠷᠦᠩᠭᠡ ᠤᠷᠤᠭᠤᠯᠤᠯᠲᠠ ᠲᠠᠢ ᠠᠵᠤ ᠦᠢᠯᠡᠳᠪᠦᠷᠢ ᠶᠢᠨ ᠲᠦᠰᠦᠯ 975ᠪᠠᠶᠢᠵᠤ᠂ ᠰᠢᠨ᠎ᠠ ᠪᠡᠷ ᠡᠬᠢᠯᠡᠭᠦᠯᠦᠭᠰᠡᠨ ᠪᠠ ᠰᠡᠷᠭᠦᠭᠡᠨ ᠪᠠᠶᠢᠭᠤᠯᠤᠭᠰᠠᠨ ᠨᠤᠷᠮ᠎ᠠ 97.5% ᠳᠤ ᠬᠦᠷᠪᠡ᠃ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠨᠡᠶᠢᠲᠡ 1782.0 ᠳ᠋ᠦᠩᠰᠢᠭᠤᠷ ᠲᠦᠬᠦᠷᠢᠭ᠌ ᠲᠤ ᠬᠦᠷᠴᠤ᠂ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ 63.3% ᠶᠢ ᠡᠵᠡᠯᠡᠪᠡ᠃

    ᠲᠦᠷᠦᠭᠦᠦ ᠬᠠᠭᠠᠰ ᠵᠢᠯ᠂ ᠤᠷᠤᠨ ᠳᠠᠶᠠᠭᠠᠷ ᠤᠨ ᠰᠢᠨ᠎ᠡ ᠪᠡᠷ ᠪᠠᠷᠢᠯᠭ᠎ᠠ ᠡᠬᠢᠯᠡᠭᠦᠯᠦᠭᠰᠡᠨ ᠳ᠋ᠦᠩᠰᠢᠭᠤᠷ ᠲᠦᠬᠦᠷᠢᠭ᠌ ᠡᠴᠡ ᠳᠡᠭᠡᠭ᠍ᠰᠢᠬᠢ ᠠᠵᠤ ᠦᠢᠯᠡᠳᠪᠦᠷᠢ ᠶᠢᠨ ᠲᠦᠰᠦᠯ 518 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 118 ᠲᠦᠰᠦᠯ ᠨᠡᠮᠡᠭᠳᠡᠨ᠂ ᠲᠤᠭᠲᠠᠮᠠᠯ ᠬᠦᠷᠦᠩᠭᠡ ᠶᠢᠨ ᠨᠠᠶᠢᠲᠠ ᠬᠦᠷᠦᠩᠭᠡ ᠤᠷᠤᠭᠤᠯᠤᠯᠲᠠ ᠨᠢ 733.4 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 79.2 ᠳ᠋ᠦᠩᠰᠢᠭᠤᠷ ᠲᠦᠬᠦᠷᠢᠭ᠌ ᠨᠡᠮᠡᠭᠳᠡᠪᠡ᠃ ᠤᠷᠤᠨ ᠳᠠᠶᠠᠭᠠᠷ ᠤᠨ ᠰᠡᠷᠭᠦᠭᠡᠨ ᠪᠠᠶᠢᠭᠤᠯᠤᠭᠰᠠᠨ ᠠᠵᠤ ᠦᠢᠯᠡᠳᠪᠦᠷᠢ ᠶᠢᠨ ᠲᠦᠰᠦᠯ 457 ᠪᠠᠶᠢᠵᠤ᠂ ᠲᠤᠭᠲᠠᠮᠠᠯ ᠬᠦᠷᠦᠩᠭᠡ ᠶᠢᠨ ᠨᠠᠶᠢᠲᠠ ᠬᠦᠷᠦᠩᠭᠡ ᠤᠷᠤᠭᠤᠯᠤᠯᠲᠠ ᠨᠢ 1048.6 ᠳ᠋ᠦᠩᠰᠢᠭᠤᠷ ᠲᠦᠬᠦᠷᠢᠭ᠌ ᠲᠤ ᠬᠦᠷᠪᠠ᠃

    ᠲᠦᠷᠦᠭᠦᠦ ᠬᠠᠭᠠᠰ ᠵᠢᠯ᠂ ᠤᠷᠤᠨ ᠳᠠᠶᠠᠭᠠᠷ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ《 ᠳᠤᠯᠤᠭᠠᠨ ᠦᠢᠯᠡᠰ》 ᠤᠨ ᠲᠦᠰᠦᠯ ᠶᠡᠬᠡ ᠪᠡᠷ ᠨᠡᠮᠡᠭᠳᠡᠪᠡ᠃ ᠤᠷᠤᠨ ᠳᠠᠶᠠᠭᠠᠷ ᠤᠨ ᠰᠢᠨ᠎ᠠ ᠪᠡᠷ ᠡᠬᠢᠯᠡᠭᠦᠯᠦᠭᠰᠡᠨ ᠪᠠ ᠰᠡᠷᠭᠦᠭᠡᠨ ᠪᠠᠶᠢᠭᠤᠯᠵᠤ ᠪᠠᠶᠢᠭ᠎ᠠ ᠳ᠋ᠦᠩᠰᠢᠭᠤᠷ ᠲᠦᠬᠦᠷᠢᠭ᠌ ᠡᠴᠡ ᠳᠡᠭᠡᠭ᠍ᠰᠢᠬᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠬᠡᠯᠪᠡᠷᠢ ᠶᠢᠨ ᠠᠵᠤ ᠦᠢᠯᠡᠰ ᠤᠨ《 ᠲᠤᠯᠤᠭᠠᠨ ᠦᠢᠯᠡᠰ》 ᠤᠨ ᠲᠦᠰᠦᠯ 457 ᠪᠠᠶᠢᠵᠤ᠂ ᠤᠷᠤᠨ ᠳᠠᠶᠠᠭᠠᠷ ᠤᠨ ᠰᠢᠨ᠎ᠠ ᠪᠡᠷ ᠡᠬᠢᠯᠡᠭᠦᠯᠦᠭᠰᠡᠨ ᠪᠠ ᠰᠡᠷᠭᠦᠭᠡᠨ ᠪᠠᠶᠢᠭᠤᠯᠤᠭᠰᠠᠨ ᠳ᠋ᠦᠩᠰᠢᠭᠤᠷ ᠲᠦᠬᠦᠷᠢᠭ᠌ ᠡᠴᠡ ᠳᠡᠭᠡᠭ᠍ᠰᠢᠬᠢ ᠬᠦᠷᠦᠩᠭᠡ ᠤᠷᠤᠭᠤᠯᠤᠯᠲᠠ ᠲᠠᠢ ᠠᠵᠤ ᠦᠢᠯᠡᠳᠪᠦᠷᠢ ᠶᠢᠨ ᠲᠦᠰᠦᠯ ᠤᠨ 46.8% ᠶᠢ ᠡᠵᠡᠯᠡᠵᠤ᠂ ᠲᠤᠭᠲᠠᠮᠠᠯ ᠬᠦᠷᠦᠩᠭᠡ ᠶᠢᠨ ᠨᠠᠶᠢᠲᠠ ᠬᠦᠷᠦᠩᠭᠡ ᠤᠷᠤᠭᠤᠯᠤᠯᠲᠠ ᠨᠢ 750.9 ᠳ᠋ᠦᠩᠰᠢᠭᠤᠷ ᠲᠦᠬᠦᠷᠢᠭ᠌ ᠲᠤ ᠬᠦᠷᠴᠤ᠂ ᠤᠷᠤᠨ ᠳᠠᠶᠠᠭᠠᠷ ᠤᠨ ᠰᠢᠨ᠎ᠠ ᠪᠡᠷ ᠡᠬᠢᠯᠡᠭᠦᠯᠦᠭᠰᠡᠨ ᠪᠠ ᠰᠡᠷᠭᠦᠭᠡᠨ ᠪᠠᠶᠢᠭᠤᠯᠤᠭᠰᠠᠨ ᠳ᠋ᠦᠩᠰᠢᠭᠤᠷ ᠲᠦᠬᠦᠷᠢᠭ᠌ ᠡᠴᠡ ᠳᠡᠭᠡᠭ᠍ᠰᠢᠬᠢ ᠬᠦᠷᠦᠩᠭᠡ ᠤᠷᠤᠭᠤᠯᠤᠯᠲᠠ ᠲᠠᠢ ᠠᠵᠤ ᠦᠢᠯᠡᠳᠪᠦᠷᠢ ᠶᠢᠨ ᠲᠦᠰᠦᠯ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ 42.1% ᠶᠢ ᠡᠵᠡᠯᠡᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121394747