蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠢᠮᠫᠤᠷᠲ᠋ᠯᠠᠭᠰᠠᠨ ᠨᠡᠭᠦᠷᠡᠰᠤ 1977 ᠲᠦᠮᠡᠨ ᠲᠤᠨ ᠳᠤ ᠬᠦᠷᠪᠠ

2017-07-31 11:15

    7 ᠰᠠᠷ᠎ᠠ ᠶᠢᠨ 28 ᠤ ᠡᠳᠦᠷ᠂ ᠦᠪᠦᠷ ᠮᠣᠩᠭᠣᠯ ᠤᠨ ᠬᠢᠯᠢ ᠳᠡᠮᠨᠠᠬᠤ ᠬᠢᠵᠢᠭ᠌ ᠢ ᠰᠡᠷᠭᠡᠶᠢᠯᠡᠨ ᠪᠠᠶᠢᠴᠠᠭᠠᠬᠤ ᠲᠤᠪᠴᠢᠶ᠎ᠠ ᠶᠢᠨ ᠨᠡᠶᠢᠲᠡᠯᠡᠭᠰᠡᠨ ᠰᠤᠷᠠᠭ ᠵᠠᠩᠭᠢ ᠶᠢ ᠦᠨᠳᠦᠰᠦᠯᠡᠪᠡᠯ᠂ ᠲᠦᠷᠦᠭᠦᠦ ᠬᠠᠭᠠᠰ ᠵᠢᠯ᠂ ᠬᠢᠵᠢᠭ᠌ ᠢ ᠰᠡᠷᠭᠡᠶᠢᠯᠡᠨ ᠪᠠᠶᠢᠴᠠᠭᠠᠵᠤ ᠬᠢᠷᠢ ᠲᠡᠩᠴᠡᠵᠤ ᠢᠮᠫᠤᠷᠲ᠋ᠯᠠᠭᠰᠠᠨ ᠨᠡᠭᠦᠷᠡᠰᠤ 1977 ᠲᠦᠮᠡᠨ ᠲᠤᠨ ᠳᠤ ᠬᠦᠷᠪᠡ᠂ ᠡᠨᠡ ᠨᠢ 127 ᠳ᠋ᠦᠩᠰᠢᠭᠤᠷ ᠳ᠋ᠤᠯᠯᠠᠷ ᠤᠨ ᠦᠷᠲᠡᠭ ᠲᠠᠢ᠂ ᠦᠩᠭᠡᠷᠡᠭᠰᠡᠨ ᠤᠨ ᠤ ᠬᠢ ᠡᠴᠡ ᠲᠤᠰ ᠪᠦᠷᠢ 118% ᠪᠤᠯᠤᠨ 348% ᠪᠡᠷ ᠨᠡᠮᠡᠭᠳᠡᠪᠡ᠃ ᠢᠮᠫᠤᠷᠲ᠋ᠯᠠᠭᠰᠠᠨ ᠨᠡᠭᠦᠷᠡᠰᠤ ᠨᠢ ᠭᠤᠤᠯᠳᠠᠭᠤ ᠮᠣᠩᠭᠣᠯ ᠤᠯᠤᠰ ᠡᠴᠡ ᠢᠷᠡᠯᠲᠡ ᠲᠠᠢ᠃ ᠭᠠᠭᠴᠠᠮᠤᠲᠤ ᠪᠤᠯᠤᠨ ᠴᠡᠭᠡ ᠪᠤᠭᠤᠮᠲᠠ ᠪᠡᠷ ᠢᠮᠫᠤᠷᠲ᠋ᠯᠠᠭᠰᠠᠨ ᠬᠡᠮᠵᠢᠶ᠎ᠠ ᠶᠢᠨ ᠨᠡᠮᠡᠭᠳᠡᠴᠡ ᠨᠢ ᠬᠠᠮᠤᠭ ᠤᠨ ᠶᠡᠬᠡ᠃ ᠢᠮᠫᠤᠷᠲ᠋ᠯᠠᠵᠤ ᠪᠠᠶᠢᠭ᠎ᠠ ᠨᠡᠭᠦᠷᠡᠰᠤ ᠶᠢᠨ ᠨᠡᠮᠡᠭᠳᠡᠬᠦ ᠶᠢ ᠳᠠᠭᠠᠯᠳᠤᠨ ᠦᠪᠦᠷ ᠮᠣᠩᠭᠣᠯ ᠤᠨ ᠬᠢᠵᠢᠭ᠌ ᠢ ᠰᠡᠷᠭᠡᠶᠢᠯᠡᠨ ᠪᠠᠶᠢᠴᠠᠭᠠᠬᠤ ᠲᠤᠪᠴᠢᠶ᠎ᠠ ᠶᠢᠨ ᠬᠢᠨ ᠢᠳᠡᠪᠬᠢᠲᠠᠢ ᠠᠵᠢᠯᠯᠠᠨ ᠤᠯᠠᠨ ᠠᠷᠭ᠎ᠠ ᠬᠡᠮᠵᠢᠶ᠎ᠠ ᠠᠪᠴᠤ᠂ ᠢᠮᠫᠤᠷᠲ᠋ᠯᠠᠵᠤ ᠪᠠᠶᠢᠭ᠎ᠠ ᠨᠡᠭᠦᠷᠡᠰᠤ ᠳᠤ ᠨᠠᠷᠢᠨ ᠬᠢᠨᠠᠨ ᠬᠠᠮᠢᠶᠠᠷᠤᠯᠲᠠ ᠬᠢᠭᠡᠳ ᠠᠮᠵᠢᠯᠲᠠ ᠢᠯᠡᠷᠬᠡᠢ ᠪᠤᠯᠵᠠᠢ᠃ ᠤᠷᠤᠨ ᠳᠠᠶᠠᠭᠠᠷ ᠲᠤ ᠨᠡᠶᠢᠲᠡ 2486 ᠪᠦᠯᠦᠭ᠌ ᠬᠢᠷᠢ ᠲᠡᠩᠴᠡᠬᠦ ᠦᠭᠡᠢ ᠨᠡᠭᠦᠷᠡᠰᠤ ᠶᠢ ᠪᠠᠶᠢᠴᠠᠭᠠᠨ ᠭᠠᠷᠭᠠᠵᠤ᠂ ᠬᠢᠷᠢ ᠲᠡᠩᠴᠡᠬᠦ ᠦᠭᠡᠢ ᠨᠤᠷᠮ᠎ᠠ 22% ᠳᠤ ᠬᠦᠷᠪᠡ᠂ ᠡᠭᠦᠨ ᠳᠤ᠂ ᠤᠷᠠᠳ ᠤᠨ ᠬᠢᠵᠢᠭ᠌ ᠢ ᠰᠡᠷᠭᠡᠶᠢᠯᠡᠨ ᠪᠠᠶᠢᠴᠠᠭᠠᠬᠤ ᠲᠤᠪᠴᠢᠶ᠎ᠠ ᠡᠴᠡ 2241 ᠪᠦᠯᠦᠭ᠌ ᠬᠢᠷᠢ ᠲᠡᠩᠴᠡᠬᠦ ᠦᠭᠡᠢ ᠨᠡᠭᠦᠷᠡᠰᠤ ᠶᠢ ᠪᠠᠶᠢᠴᠠᠭᠠᠨ ᠭᠠᠷᠭᠠᠵᠤ᠂ ᠡᠵᠡᠨ᠎ᠠ ᠶᠢᠨ ᠬᠢᠵᠢᠭ᠌ ᠢ ᠰᠡᠷᠭᠡᠶᠢᠯᠡᠨ ᠪᠠᠶᠢᠴᠠᠭᠠᠬᠤ ᠲᠤᠪᠴᠢᠶ᠎ᠠ ᠡᠴᠡ 245 ᠪᠦᠯᠦᠭ᠌ ᠬᠢᠷᠢ ᠲᠡᠩᠴᠡᠬᠦ ᠦᠭᠡᠢ ᠨᠡᠭᠦᠷᠡᠰᠤ ᠶᠢ ᠪᠠᠶᠢᠴᠠᠭᠠᠨ ᠭᠠᠷᠭᠠᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121407279