蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ 27.2 ᠲᠦᠮᠡᠨ ᠬᠠᠭᠤᠳᠠᠰᠤ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠶᠢ ᠬᠦᠢᠴᠡᠳᠭᠡᠪᠠ

2017-07-31 11:15

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠲᠤᠭᠠᠲᠤ ᠶᠢ ᠬᠠᠮᠠᠭᠠᠯᠠᠬᠤ ᠲᠢᠩᠬᠢᠮ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠤᠯᠤᠰ ᠳᠠᠶᠠᠭᠠᠷ ᠤᠨ ᠡᠯ᠎ᠠ ᠮᠤᠵᠢ (ᠰᠢᠭᠤᠳ ᠬᠠᠷᠢᠶ᠎ᠠ ᠬᠤᠲᠠ᠂ ᠦᠪᠡᠷᠲᠡᠭᠡᠨ ᠵᠠᠰᠠᠬᠤ ᠤᠷᠤᠨ)  ᠶ᠋ᠢᠨ ᠶᠠᠪᠤᠭᠤᠯ ᠬᠦᠮᠦᠨ ᠠᠮᠠ ᠦᠪᠦᠷ ᠮᠣᠩᠭᠣᠯ ᠳᠤ ᠪᠤᠰᠤᠳ ᠭᠠᠵᠠᠷ ᠤᠷᠤᠨ ᠤ ᠪᠡᠶ᠎ᠠ ᠶᠢᠨ ᠦᠨᠡᠮᠯᠡᠬᠦ ᠭᠤᠶᠤᠴᠢᠯᠠᠨ ᠬᠦᠢᠴᠡᠳᠭᠡᠵᠦ ᠪᠤᠯᠤᠨ᠎ᠠ᠃ 2015 ᠤᠨ ᠤ 10 ᠰᠠᠷ᠎᠎ᠠ ᠶᠢᠨ 1 ᠤ ᠡᠳᠦᠷ ᠡᠴᠡ ᠤᠳᠤ ᠪᠤᠯᠲᠠᠯ᠎ᠠ ᠦᠪᠦᠷ ᠮᠣᠩᠭᠣᠯ ᠨᠡᠶᠢᠲᠡ27.2 ᠲᠦᠮᠡᠨ ᠬᠠᠭᠤᠳᠠᠰᠤ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠭᠦᠢᠴᠡᠳᠭᠡᠪᠡ᠂ ᠡᠭᠦᠨ ᠳᠤ᠂ 2.6 ᠲᠦᠮᠡᠨ ᠬᠠᠭᠤᠳᠠᠰᠤ ᠮᠤᠵᠢ ᠠᠯᠤᠰᠯᠠᠭᠰᠠᠨ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠪᠠᠭᠲᠠᠵᠤ ᠪᠤᠢ᠃

    7 ᠰᠠᠷ᠎ᠠ ᠶᠢᠨ 28 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠳᠤᠭᠠᠲᠤ ᠶᠢ ᠬᠠᠮᠠᠭᠠᠯᠠᠬᠤ ᠲᠢᠩᠭᠢᠮ《ᠤᠷᠤᠨ ᠰᠠᠭᠤᠴᠠ ᠶᠢᠨ ᠦᠨᠡᠮᠯᠡᠬᠦ ᠬᠦᠢᠴᠡᠳᠭᠡᠬᠦ ᠪᠤᠯᠤᠨ ᠪᠤᠰᠤᠳ ᠭᠠᠵᠠᠷ ᠤᠨ ᠰᠠᠭᠤᠭᠠᠯᠢ ᠠᠷᠠᠳ ᠤᠨ ᠪᠡᠶ᠎ᠠ ᠶᠢᠨ ᠦᠨᠡᠮᠯᠡᠬᠦ ᠬᠦᠢᠴᠡᠳᠭᠡᠬᠦ ᠠᠵᠢᠯ》 ᠤ᠋ᠨ ᠬᠡᠪᠯᠡᠯ ᠮᠡᠳᠡᠭᠡᠯᠡᠯ ᠤᠨ ᠬᠤᠷᠠᠯ ᠬᠤᠷᠠᠯᠳᠤᠪᠠ᠃ ᠬᠤᠷᠠᠯ ᠳᠤ᠂ 2017 ᠤᠨ ᠤ 6 ᠰᠠᠷ᠎ᠠ᠎ ᠶᠢᠨ 1 ᠤ ᠡᠳᠦᠷ ᠡᠴᠡ ᠡᠬᠢᠯᠡᠨ᠂ ᠦᠪᠦᠷ ᠮᠣᠩᠭᠣᠯ ᠤᠨ ᠲᠤᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠮᠤᠵᠢ ᠠᠯᠤᠰᠯᠠᠭᠰᠠᠨ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠭᠦᠢᠴᠡᠳᠭᠡᠬᠦ ᠮᠡᠷᠭᠡᠵᠢᠯ ᠤᠨ ᠬᠦᠷᠢᠶ᠎ᠠ ᠴᠠᠷᠠᠭ᠎ᠠ ᠤᠯᠤᠰ ᠳᠠᠶᠠᠭᠠᠷ ᠤᠨ ᠡᠯ᠎ᠠ ᠮᠤᠵᠢ ᠶᠢ ᠬᠠᠮᠤᠷᠴᠤ᠂ ᠤᠯᠤᠰ ᠳᠠᠶᠠᠭᠠᠷ ᠤᠨ ᠡᠯ᠎ᠠ ᠮᠤᠵᠢ (ᠰᠢᠭᠤᠳ ᠬᠠᠷᠢᠶ᠎ᠠ ᠬᠤᠲᠠ᠂ ᠦᠪᠡᠷᠲᠡᠭᠡᠨ ᠵᠠᠰᠠᠬᠤ ᠤᠷᠤᠨ) ᠶ᠋ᠢᠨ ᠶᠠᠪᠤᠭᠤᠯ ᠬᠦᠮᠦᠨ ᠠᠮᠠ ᠴᠦᠮ ᠦᠪᠦᠷ ᠮᠣᠩᠭᠣᠯ ᠳᠤ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠭᠤᠶᠤᠴᠢᠯᠠᠨ ᠬᠦᠢᠴᠡᠳᠭᠡᠵᠤ ᠪᠤᠯᠤᠨ᠎ᠠ᠃ ᠤᠳᠤᠬᠠᠨ ᠪᠤᠯᠲᠠᠯ᠎ᠠ᠂ ᠦᠪᠦᠷ ᠮᠣᠩᠭᠣᠯ ᠨᠡᠶᠢᠲᠡ 27.2 ᠲᠦᠮᠡᠨ ᠬᠠᠭᠤᠳᠠᠰᠤ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠬᠦᠢᠴᠡᠳᠭᠡᠪᠡ᠂ ᠡᠭᠦᠨ ᠳᠤ᠂ 2.6 ᠲᠦᠮᠡᠨ ᠬᠠᠭᠤᠳᠠᠰᠤ ᠮᠤᠵᠢ ᠠᠯᠤᠰᠯᠠᠭᠰᠠᠨ ᠪᠤᠰᠤᠳ ᠭᠠᠵᠠᠷ ᠤᠨ ᠪᠡᠶ᠎ᠠ ᠶᠢᠨ ᠦᠨᠡᠮᠯᠡᠬᠦ ᠪᠤᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121407306