蒙古文网站Logo
ᠰᠢᠨᠬᠤᠸᠠ ᠮᠤᠩᠭ᠋ᠤᠯ ᠨᠧᠲ

ᠰᠢᠯᠢ ᠶᠢᠨ ᠭᠤᠤᠯ ᠠᠶᠢᠮᠠᠭ 75 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠵᠤ ᠨᠤᠤᠷᠬᠠᠢ ᠤᠷᠤᠨ ᠰᠠᠭᠤᠴᠠ ᠶᠢ ᠰᠠᠶᠢᠵᠢᠷᠠᠭᠤᠯᠬᠤ ᠪᠡᠷ ᠲᠦᠯᠦᠪᠯᠡᠵᠤ ᠪᠤᠢ

2017-07-31 11:44

    2017 ᠤᠨ ᠳᠤ᠂ ᠠᠶᠢᠮᠠᠭ ᠳᠠᠶᠠᠭᠠᠷ ᠡᠴᠡ ᠡᠯ᠎ᠠ ᠪᠦᠰᠡ ᠨᠤᠲᠤᠭ ᠤᠨ ᠨᠤᠤᠷᠬᠠᠢ ᠤᠷᠤᠨ ᠰᠠᠭᠤᠴᠠ ᠶᠢ ᠰᠠᠶᠢᠵᠢᠷᠠᠭᠤᠯᠬᠤ ᠪᠡᠷ 2 ᠲᠦᠮᠡᠨ ᠡᠷᠦᠬᠡ ᠶᠢᠨ ᠲᠦᠰᠦᠯ ᠪᠠᠭᠤᠯᠭᠠᠪᠠ᠃ ᠡᠨᠡ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠭᠦᠷᠭᠡ ᠡᠴᠡ 2000 ᠡᠷᠦᠬᠡ ᠳᠠᠪᠠᠪᠠ᠂ ᠦᠭᠡᠷᠡᠴᠢᠯᠡᠨ ᠰᠠᠶᠢᠵᠢᠷᠠᠭᠤᠯᠬᠤ ᠬᠦᠷᠢᠶ᠎ᠠ ᠴᠡᠷᠠᠭ᠎ᠠ ᠨᠢ ᠦᠩᠭᠡᠷᠡᠭᠰᠡᠨ ᠤᠨ ᠨᠤᠭᠤᠳ ᠡᠴᠡ ᠦᠷᠭᠡᠨ ᠪᠠᠶᠢᠵᠤ᠂ ᠡᠷᠢᠶᠡᠨ ᠬᠤᠲᠠ ᠡᠴᠡ ᠪᠤᠰᠤᠳ 12 ᠬᠤᠰᠢᠭᠤ ᠰᠢᠶᠠᠨ ᠬᠤᠲᠠ (ᠲᠤᠭᠤᠷᠢᠭ) ᠶᠢᠨ 51 ᠪᠠᠭ᠎ᠠ ᠲᠦᠰᠦᠯ ᠢ ᠬᠠᠮᠤᠷᠴᠤ᠂ ᠲᠦᠰᠦᠯ ᠤᠨ ᠶᠡᠷᠦᠩᠬᠡᠢ ᠬᠦᠷᠦᠩᠭᠡ ᠤᠷᠤᠭᠤᠯᠤᠯᠲᠠ ᠨᠢ 75 ᠳ᠋ᠦᠩᠰᠢᠭᠤᠷ ᠲᠦᠬᠦᠷᠢᠭ᠌ ᠲᠤ ᠬᠦᠷᠴᠠᠢ᠃ ᠤᠳᠤᠬᠠᠨ ᠪᠤᠯᠲᠠᠯ᠎ᠠ᠂ ᠠᠶᠢᠮᠠᠭ ᠳᠠᠶᠠᠭᠠᠷ ᠲᠤ 1068 ᠡᠷᠦᠬᠡ ᠶᠢᠨ ᠲᠦᠰᠦᠯ ᠨᠢᠭᠡᠨᠲᠡ ᠪᠠᠷᠢᠯᠭ᠎ᠠ ᠡᠬᠢᠯᠡᠵᠤ᠂ ᠪᠠᠷᠢᠯᠭ᠎ᠠ ᠡᠬᠢᠯᠡᠭᠰᠡᠨ ᠨᠤᠷᠮ᠎ᠠ 57.6% ᠳᠤ ᠬᠦᠷᠪᠡ᠃ ᠰᠢᠯᠢ ᠶᠢᠨ ᠭᠤᠤᠯ ᠠᠶᠢᠮᠠᠭ ᠤᠨ ᠬᠤᠲᠠ ᠪᠠᠯᠭᠠᠰᠤᠨ ᠤ ᠨᠤᠤᠷᠬᠠᠢ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠠᠵᠢᠯᠯᠠᠭ᠎ᠠ ᠨᠢ 2008 ᠤᠨ ᠤ ᠬᠤᠲᠠ ᠪᠠᠯᠭᠠᠰᠤᠨ ᠤ ᠬᠠᠭᠤᠴᠢᠨ ᠭᠡᠷ ᠪᠠᠶᠢᠰᠢᠩ ᠢ  ᠦᠭᠡᠷᠡᠴᠢᠯᠡᠨ ᠰᠠᠶᠢᠵᠢᠷᠠᠭᠤᠯᠤᠭᠰᠠᠨ ᠡᠴᠡ ᠡᠬᠢᠯᠡᠪᠡ᠃ ᠰᠡᠭᠦᠯ ᠤᠨ ᠬᠡᠳᠦᠨ ᠵᠢᠯ ᠤᠯᠤᠰ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠢᠭᠡᠳᠦᠯᠲᠠᠢ ᠪᠠᠶᠢᠷᠢᠰᠢᠯᠠᠭᠤᠯᠤᠯᠲᠠ ᠳᠤ ᠨᠤᠤᠷᠬᠠᠢ ᠤᠷᠤᠨ ᠰᠠᠭᠤᠴᠠ ᠶᠢ ᠰᠠᠶᠢᠵᠢᠷᠠᠭᠤᠯᠬᠤ ᠬᠦᠴᠦᠯᠡᠴᠡ ᠪᠡᠨ ᠲᠠᠰᠤᠷᠠᠯᠲᠠ ᠦᠭᠡᠢ ᠴᠢᠩᠭ᠋ᠠᠳᠬᠠᠵᠤ 2016 ᠤᠨ ᠤ ᠵᠢᠯ ᠤᠨ ᠡᠴᠤᠰ ᠪᠤᠯᠲᠠᠯ᠎ᠠ 6.5 ᠲᠦᠮᠡᠨ ᠡᠷᠦᠬᠡ ᠶᠢ ᠦᠭᠡᠷᠡᠴᠢᠯᠡᠨ ᠰᠠᠶᠢᠵᠢᠷᠠᠭᠤᠯᠵᠤ᠂ 160 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠪᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121407581