蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠢᠮᠫᠤᠷᠲ᠋ᠯᠠᠵᠤ ᠡᠺᠰᠫᠤᠲ᠋ᠯᠠᠭᠰᠠᠨ ᠶᠡᠷᠦᠩᠬᠡᠢ ᠦᠷᠲᠡᠭ 495.5 ᠳ᠋ᠦᠩᠰᠢᠭᠤᠷ ᠲᠦᠬᠦᠷᠢᠭ᠌ ᠲᠤ ᠬᠦᠷᠪᠡ

2017-08-02 14:39

    ᠰᠤᠷᠪᠤᠯᠵᠢᠯᠠᠭᠴᠢ ᠬᠦᠬᠡᠬᠤᠲᠠ ᠶᠢᠨ ᠪᠤᠭᠤᠮᠲᠠ ᠡᠴᠡ ᠤᠶᠢᠯᠠᠭᠠᠭᠰᠠᠨ ᠢᠶᠡᠷ᠂ ᠲᠦᠷᠦᠭᠦᠦ ᠬᠠᠭᠠᠰ ᠵᠢᠯ ᠳᠤ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠢᠮᠫᠤᠷᠲ᠋ᠯᠠᠵᠤ ᠡᠺᠰᠫᠤᠲ᠋ᠯᠠᠭᠰᠠᠨ ᠶᠡᠷᠦᠩᠬᠡᠢ ᠦᠷᠲᠡᠭ 495.5 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 44.1% ᠪᠡᠷ ᠨᠡᠮᠡᠭᠳᠡᠪᠡ᠃ ᠡᠭᠦᠨ ᠳᠤ᠂ 173 ᠳ᠋ᠦᠩᠰᠢᠭᠤᠷ ᠲᠦᠬᠦᠷᠢᠭ᠌ ᠡᠺᠰᠫᠤᠷᠲ᠋ᠯᠠᠵᠤ᠂ 39.3% ᠪᠡᠷ ᠨᠡᠮᠡᠭᠳᠡᠨ᠂ 322.5 ᠳ᠋ᠦᠩᠰᠢᠭᠤᠷ ᠲᠦᠬᠦᠷᠢᠭ᠌ ᠢᠮᠫᠤᠷᠲ᠋ᠯᠠᠵᠤ᠂ 46.8% ᠪᠡᠷ ᠨᠡᠮᠡᠭᠳᠡᠪᠡ᠃

    ᠡᠭᠦᠨ ᠳᠤ᠂ ᠬᠤᠪᠢ ᠶᠢᠨ ᠠᠵᠤ ᠠᠬᠤᠶᠢᠯᠠᠯ ᠨᠢ ᠢᠮᠫᠤᠷᠲ᠋ᠯᠠᠵᠤ ᠡᠺᠰᠫᠤᠲ᠋ᠯᠠᠬᠤ ᠭᠤᠤᠯᠯᠠᠬᠤ ᠬᠦᠴᠦᠨ ᠪᠤᠯᠵᠠᠢ᠃ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠢᠮᠫᠤᠷᠲ᠋ᠯᠠᠵᠤ ᠡᠺᠰᠫᠤᠲ᠋ᠯᠠᠬᠤ ᠬᠡᠮᠵᠢᠶ᠎ᠠ ᠶᠡᠬᠡ ᠪᠡᠷ ᠨᠡᠮᠡᠭᠳᠡᠪᠡ᠃ ᠲᠦᠷᠦᠭᠦᠦ ᠬᠠᠭᠠᠰ ᠵᠢᠯ᠂ ᠦᠪᠦᠷ ᠮᠣᠩᠭᠣᠯ ᠤᠨ ᠬᠤᠪᠢ ᠶᠢᠨ ᠠᠵᠤ ᠠᠬᠤᠶᠢᠯᠠᠯ ᠤᠨ ᠢᠮᠫᠤᠷᠲ᠋ᠯᠠᠵᠤ ᠡᠺᠰᠫᠤᠲ᠋ᠯᠠᠭᠰᠠᠨ ᠦᠷᠲᠡᠭ 377.7 ᠳ᠋ᠦᠩᠰᠢᠭᠤᠷ ᠲᠦᠬᠦᠷᠢᠭ᠌ ᠲᠤ ᠬᠦᠷᠴᠤ᠂ 47.7% ᠪᠡᠷ ᠨᠡᠮᠡᠭᠳᠡᠨ᠂ 76.2% ᠢ ᠡᠵᠡᠯᠡᠪᠡ᠂ ᠡᠨᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 3.3 ᠪᠡᠷ ᠨᠡᠮᠡᠭᠳᠡᠵᠠᠢ᠃ ᠲᠦᠷᠦᠭᠦᠦ ᠬᠠᠭᠠᠰ ᠵᠢᠯ ᠳᠤ᠂ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠢᠮᠫᠤᠷᠲ᠋ᠯᠠᠵᠤ ᠡᠺᠰᠫᠤᠲ᠋ᠯᠠᠬᠤ ᠬᠡᠮᠵᠢᠶ᠎ᠠ 2016 ᠤᠨ ᠤ ᠳᠦᠷᠪᠡᠨ ᠤᠯᠠᠷᠢᠯ ᠡᠴᠡ ᠨᠠᠰᠢᠬᠢ ᠦᠰᠦᠯᠲᠡ ᠶᠢᠨ ᠪᠠᠶᠢᠳᠠᠯ ᠢ ᠦᠷᠭᠦᠯᠵᠢᠯᠡᠨ ᠪᠠᠲᠤᠯᠠᠪᠠ᠃ ᠤᠨᠴᠠᠭᠠᠶᠢᠯᠠᠨ ᠦᠨᠦ ᠵᠢᠯ ᠡᠴᠡ ᠨᠠᠰᠢ ᠨᠡᠭᠦᠷᠡᠰᠤ᠂ ᠬᠢᠷᠦᠭᠡᠨ ᠮᠠᠲ᠋ᠸᠷᠢᠶᠠᠯ᠂ ᠲᠡᠮᠦᠷ ᠤᠨ ᠬᠦᠳᠡᠷ ᠤᠨ ᠬᠠᠶᠢᠷ ᠵᠡᠷᠭᠡ ᠶᠢᠨ ᠬᠡᠮᠵᠢᠶ᠎ᠠ ᠨᠢ ᠨᠡᠮᠡᠭᠳᠡᠵᠤ ᠦᠨ᠎ᠠ ᠦᠰᠦᠭᠰᠡᠨ ᠡᠴᠡ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠨᠡᠮᠡᠭᠳᠡᠴᠡ 44.08% ᠳᠤ ᠬᠦᠷᠪᠡ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121420483