蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠲᠦᠷᠦᠭᠦᠦ ᠬᠠᠭᠠᠰ ᠵᠢᠯ ᠬᠤᠲᠠ ᠪᠠᠯᠭᠠᠰᠤᠨ ᠤ 14.85 ᠲᠦᠮᠡᠨ ᠬᠦᠮᠦᠨ ᠳᠤ ᠰᠢᠨ᠎ᠠ ᠪᠡᠷ ᠠᠵᠢᠯ ᠤᠯᠭᠤᠪᠠ

2017-08-02 14:39

    7 ᠰᠠᠷ᠎ᠠ ᠶᠢᠨ 31 ᠤ ᠡᠳᠦᠷ ᠶᠠᠪᠣᠭᠳᠠᠭᠰ᠋ᠠᠨ ᠦᠪᠦᠷ ᠮᠣᠩᠭᠣᠯ ᠤᠨ ᠦᠪᠠᠷᠲᠠᠬᠡᠨ ᠵᠠᠰ᠋ᠠᠬᠤ ᠤᠷᠤᠨ ᠤ ᠬᠦᠮᠤᠨ ᠤ ᠨᠦᠬᠡᠴᠡ ᠨᠠᠢᠢᠬᠡᠮ ᠤᠨ ᠪᠠᠲᠤᠯᠠᠭ᠎ᠠ ᠶᠢᠨ ᠲᠢᠩᠭᠢᠮ ᠤᠨ ᠬᠡᠪᠯᠡᠯ ᠮᠡᠳᠡᠭᠡᠯᠡᠯ ᠨᠠᠢᠢᠲᠠᠯᠠᠬᠦ ᠬᠤᠷᠠᠯ ᠡᠴᠠ ᠤᠢᠢᠯᠠᠭᠠᠭᠰ᠋ᠠᠨ ᠵᠢᠨᠷ ᠂ 2017 ᠤᠨ ᠤ ᠲᠦᠷᠦᠬᠦᠦ ᠬᠠᠭᠠᠰ ᠵᠢᠯ ᠳ᠋ᠦ ᠦᠪᠦᠷ ᠮᠣᠩᠭᠣᠯ ᠬᠤᠲᠠ ᠪᠠᠯᠭᠠᠰ᠋ᠤᠨ ᠤ 14.85 ᠲᠦᠮᠠᠨ ᠬᠦᠮᠤᠨ ᠳ᠋ᠤ ᠰᠢᠨ᠎ᠠ ᠪᠡᠷ ᠠᠵᠢᠯ ᠤᠯᠭᠤᠵᠤ᠂ ᠤᠷᠤᠨ ᠳᠠᠶᠠᠭᠠᠷ ᠤᠨ ᠬᠤᠲᠠ ᠪᠠᠯᠭᠠᠰ᠋ᠤᠨ ᠤ ᠲᠠᠡᠭᠰ᠋ᠠᠯᠠᠭᠤᠯᠤᠭᠰ᠋ᠠᠨ ᠠᠵᠢᠯ ᠠᠯᠲᠠᠭᠰ᠋ᠠᠨ ᠨᠤᠷᠮ᠎ᠠ 3.6% ᠳᠤ ᠬᠦᠷᠴᠤ᠂ ᠵᠢᠯ ᠤᠨ ᠡᠬᠢᠨ ᠳ᠋ᠤ ᠲᠤᠭᠲᠠᠭᠰ᠋ᠠᠨ 4% ᠵᠢᠨ ᠬᠢᠵᠠᠭᠠᠷᠯᠠᠬᠤ ᠬᠠᠷᠠᠯᠲᠠ ᠡᠴᠠ ᠲᠤᠤᠷ᠎ᠠ ᠪᠤᠯᠪᠠ᠃ ᠬᠤᠲᠠ ᠪᠠᠯᠭᠠᠰᠤᠨ ᠤ ᠠᠵᠢᠯ ᠤᠯᠭᠤᠯᠲᠠ ᠲᠤᠭᠲᠠᠭᠤᠨ ᠨᠡᠮᠡᠭ᠍ᠳᠡᠵᠤ ᠪᠤᠢ᠃

    1-6 ᠰᠠᠷ᠎ᠠ ᠳᠤ᠂ ᠤᠷᠤᠨ ᠳᠠᠶᠠᠭᠠᠷ ᠤᠨ ᠶᠠᠬᠡ ᠲᠠᠬᠡᠲᠤ ᠰᠤᠷᠭᠠᠭᠤᠯᠢ ᠲᠠᠬᠦᠰ᠋ᠦᠭᠰ᠋ᠡᠠ 7.15 ᠲᠦᠮᠠᠨ ᠬᠦᠮᠤᠨ ᠠᠵᠢᠯ ᠤᠯᠤᠭᠰ᠋ᠠᠨ ᠪᠤᠶᠤ ᠠᠵᠢᠯ ᠤᠯᠬᠤ ᠴᠢᠭᠯᠡᠯ ᠲᠠᠢ ᠪᠣᠯᠵᠣ᠂ ᠵᠢᠯ ᠤᠨ ᠲᠦᠯᠦᠪᠯᠡᠬᠡ  ᠶᠢᠨ 55% ᠶᠢ ᠪᠠᠶᠠᠯᠡᠬᠦᠯᠵᠤ᠂ ᠨᠢᠲᠤᠨᠤᠨ ᠤ ᠠᠲᠠᠯᠢ ᠬᠤᠭᠤᠴᠠᠭᠠᠨ ᠤ ᠬᠢ ᠡᠴᠠ 15% ᠪᠡᠷ ᠨᠡᠮᠡᠭᠲᠠᠵᠠᠢ᠃ ᠮᠠᠯᠴᠢᠨ ᠲᠠᠷᠢᠶᠠᠴᠢᠳ ᠤᠨ ᠮᠡᠷᠭᠡᠵᠢᠯ ᠤᠨ ᠳᠠᠰᠬᠠᠯᠵᠢᠭᠤᠯᠤᠯ ᠳᠤ 6.56 ᠲᠦᠮᠡᠨ ᠬᠦᠮᠦᠨ ᠤᠷᠤᠯᠴᠠᠵᠤ᠂ ᠵᠢᠯ ᠤᠨ ᠲᠦᠯᠦᠪᠯᠡᠭᠡ ᠶᠢᠨ 50.47% ᠶᠢ ᠪᠡᠶᠡᠯᠡᠭᠦᠯᠪᠡ᠃ ᠬᠦᠯᠦᠰᠦᠨ ᠮᠠᠯᠴᠢᠨ ᠲᠠᠷᠢᠶᠠᠴᠢᠳ ᠤᠨ ᠨᠤᠲᠤᠭ ᠲᠤ ᠪᠡᠨ ᠪᠤᠴᠠᠵᠤ ᠦᠢᠯᠡᠰ ᠪᠤᠰᠬᠠᠬᠤ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠤᠨ᠂ ᠬᠦᠯᠦᠰᠦᠨ ᠮᠠᠯᠴᠢᠨ ᠲᠠᠷᠢᠶᠠᠴᠢᠨ ᠤ ᠨᠤᠲᠤᠭ ᠲᠤ ᠪᠡᠨ ᠪᠤᠴᠠᠵᠤ ᠦᠢᠯᠡᠰ ᠪᠤᠰᠬᠠᠬᠤ ᠶᠢ ᠵᠤᠷᠢᠭᠵᠢᠭᠤᠯᠤᠨ ᠳᠡᠮᠵᠢᠵᠤ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠲᠦᠭᠡᠮᠡᠯ ᠦᠷᠨᠢᠭᠦᠯᠵᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121420499