蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠳᠤ ᠬᠦᠬᠡᠬᠤᠲᠠ ᠶᠢᠨ ᠵᠠᠮ ᠲᠡᠭᠡᠭᠡᠪᠦᠷᠢ ᠰᠠᠩ ᠬᠦᠮᠦᠷᠭᠡ ᠪᠣᠯᠣᠨ ᠰᠢᠤᠳᠠᠨ ᠦᠢᠯᠡᠰ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.4% ᠪᠡᠷ ᠨᠡᠮᠡᠭᠳᠡᠪᠡ

2017-08-03 11:49

    ᠲᠦᠷᠦᠭᠦᠦ ᠬᠠᠭᠠᠰ ᠵᠢᠯ ᠳᠤ ᠂ ᠬᠦᠬᠡᠬᠤᠲᠠ ᠶᠢᠨ ᠵᠠᠮ ᠲᠡᠭᠡᠭᠡᠪᠦᠷᠢ᠂ ᠰᠠᠩ ᠬᠦᠮᠦᠷᠭᠡ ᠪᠣᠯᠣᠨ ᠰᠢᠤᠳᠠᠨ ᠦᠢᠯᠡᠰ144.2 ᠳ᠋ᠦᠩᠰᠢᠭᠤᠷ ᠲᠦᠬᠦᠷᠢᠭ᠌ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.4% ᠪᠡᠷ ᠨᠡᠮᠡᠭᠳᠡᠨ᠂ ᠪᠦᠰᠡ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ 10.5%᠂ ᠡᠳ᠋ ᠤᠨ ᠵᠠᠰᠠᠭ ᠤᠨ ᠨᠡᠮᠡᠭᠳᠡᠯ ᠳᠡᠬᠢ ᠬᠤᠪᠢ ᠨᠡᠮᠡᠷᠢᠯᠡᠭᠰᠡᠨ ᠨᠣᠷᠮ᠎ᠠ ᠨᠢ11.2% ᠳᠤ ᠬᠦᠷᠴᠦ᠂ ᠡᠳ᠋ ᠤᠨ ᠵᠠᠰᠠᠭ ᠤᠨ ᠨᠡᠮᠡᠭᠳᠡᠯ ᠢ ᠵᠠᠭᠤᠨ ᠤ ᠬᠠᠷᠢᠴᠠᠯ ᠢᠶᠡᠷ 0.8 ᠪᠡᠷ ᠳᠠᠶᠢᠴᠢᠯᠠᠪᠠ᠃ ᠵᠠᠮ ᠲᠡᠭᠡᠭᠡᠪᠦᠷᠢ᠂ ᠰᠠᠩ ᠬᠦᠮᠦᠷᠭᠡ ᠪᠣᠯᠣᠨ ᠰᠢᠤᠳᠠᠨ ᠦᠢᠯᠡᠰ ᠤᠨ ᠨᠡᠮᠡᠭᠳᠡᠯ ᠥᠷᠲᠡᠭ ᠵᠢᠴᠢ ᠨᠡᠮᠡᠭᠳᠡᠯ ᠤᠨ ᠬᠤᠷᠳᠣᠴᠠ ᠶᠢ ᠲᠦᠰᠦᠭᠡᠯᠡᠨ ᠪᠤᠳᠣᠪᠠᠯ ᠲᠡᠮᠦᠷ ᠵᠠᠮ ᠤᠨ ᠲᠡᠭᠡᠭᠡᠪᠦᠷᠢ ᠶᠢᠨ ᠶᠡᠷᠦᠩᠬᠡᠢ ᠡᠷᠬᠢᠯᠲᠡ ᠶᠢᠨ ᠬᠡᠮᠵᠢᠶᠡᠨ ᠤ ᠨᠡᠮᠡᠭᠳᠡᠯ ᠤᠨ ᠬᠤᠷᠳᠤᠴᠠ᠂ ᠵᠠᠰᠠᠮᠠᠯ ᠵᠠᠮ ᠤᠨ ᠲᠡᠭᠡᠭᠡᠪᠦᠷᠢ ᠶᠢᠨ ᠶᠡᠷᠦᠩᠬᠡᠢ ᠡᠷᠬᠢᠯᠲᠡ ᠶᠢᠨ ᠬᠡᠮᠵᠢᠶᠡᠨ ᠤ ᠨᠡᠮᠡᠭᠳᠡᠯ ᠤᠨ ᠬᠤᠷᠳᠤᠴᠠ᠂ ᠠᠭᠠᠷ ᠤᠨ ᠲᠡᠭᠡᠭᠡᠪᠦᠷᠢ ᠶᠢᠨ ᠶᠡᠷᠦᠩᠬᠡᠢ ᠡᠷᠬᠢᠯᠲᠡ ᠶᠢᠨ ᠬᠡᠮᠵᠢᠶᠡᠨ ᠤ ᠨᠡᠮᠡᠭᠳᠡᠯ ᠤᠨ ᠬᠤᠷᠳᠣᠴᠠ᠂ ᠰᠢᠤᠳᠠᠨ ᠤ ᠲᠣᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶᠡᠨ ᠤ ᠨᠡᠮᠡᠭᠳᠡᠯ ᠤᠨ ᠬᠤᠷᠳᠣᠴᠠ ᠨᠢ ᠲᠤᠰ ᠲᠤᠰ 26.0%᠂11.0%᠂12.4%᠂ 21.9% ᠪᠣᠯᠵᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121425860