蒙古文网站Logo
ᠰᠢᠨᠬᠤᠸᠠ ᠮᠤᠩᠭ᠋ᠤᠯ ᠨᠧᠲ

ᠴᠢᠶ᠊ᠢᠤ ᠴᠠᠶᠢᠶ᠊ᠢᠤ ᠶᠢᠨ ᠦᠨ᠎ᠡ ᠦᠰᠪᠠ

2017-08-05 16:22

    ᠰᠢᠨᠬᠤᠸᠠ ᠬᠤᠷᠢᠶ᠎ᠠ   ᠪᠡᠭᠡᠵᠢᠩ ᠤᠨ 8 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ  ᠤᠯᠤᠰ ᠤᠨ ᠬᠦᠭ᠍ᠵᠢᠭᠦᠯᠦᠯᠲᠠ ᠦᠭᠡᠷᠡᠴᠢᠯᠡᠯᠲᠠ ᠶᠢᠨ ᠵᠦᠪᠯᠡᠯ ᠡᠴᠡ 4 ᠤ ᠡᠳᠦᠷ ᠮᠡᠳᠡᠭᠡ ᠨᠡᠶᠢᠲᠡᠯᠡᠵᠤ᠂ ᠤᠷᠴᠢᠮ ᠤᠨ ᠤᠯᠠᠨ ᠤᠯᠤᠰ ᠤᠨ ᠵᠠᠬ᠎ᠠ ᠵᠡᠭᠡᠯᠢ ᠶᠢᠨ ᠲᠤᠰᠤᠨ ᠤ ᠦᠨ᠎ᠠ ᠶᠢᠨ ᠬᠤᠪᠢᠷᠠᠯᠲᠠ ᠶᠢ ᠦᠨᠳᠦᠰᠦᠯᠡᠨ᠂ ᠤᠳᠤ ᠶᠢᠨ ᠪᠤᠯᠪᠠᠰᠤᠷᠠᠭᠤᠯᠤᠭᠰᠠᠨ ᠲᠤᠰᠤᠨ ᠤ ᠦᠨ᠎ᠠ ᠶᠢᠨ ᠲᠤᠭᠲᠠᠯᠴᠠᠭ᠎ᠠ ᠶᠢᠨ ᠳᠠᠭᠠᠤ 8 ᠰᠠᠷ᠎ᠠ ᠶᠢᠨ 4 ᠤ ᠡᠳᠦᠷ ᠤᠨ 24 ᠴᠠᠭ ᠡᠴᠡ ᠡᠬᠢᠯᠡᠨ ᠤᠯᠤᠰ ᠤᠨ ᠲᠤᠳᠤᠭᠠᠲᠤ ᠶᠢᠨ ᠴᠢᠶ᠊ᠢᠤ ᠴᠠᠶᠢᠶ᠊ᠢᠤ ᠶᠢᠨ ᠦᠨ᠎ᠡ ᠲᠤᠨ ᠪᠦᠷᠢ ᠳᠤ ᠪᠡᠨ 175 ᠲᠦᠬᠦᠷᠢᠭ᠌ ᠪᠠ 165 ᠲᠦᠬᠦᠷᠢᠭ᠌ ᠦᠰᠦᠨ᠎ᠠ ᠭᠡᠪᠠ᠃

    ᠬᠦᠭ᠍ᠵᠢᠭᠦᠯᠦᠯᠲᠠ ᠦᠭᠡᠷᠡᠴᠢᠯᠡᠯᠲᠠ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠶᠠᠷᠢᠬᠤ ᠪᠡᠷ᠂ ᠳᠤᠮᠳᠠᠳᠤ ᠤᠯᠤᠰ ᠤᠨ ᠭᠠᠵᠠᠷ ᠤᠨ ᠲᠤᠰᠤ ᠪᠠᠶᠢᠭᠠᠯᠢ ᠶᠢᠨ ᠬᠡᠢ ᠶᠢᠨ ᠪᠦᠯᠦᠭᠯᠡᠯ ᠺᠤᠮᠫᠠᠨᠢ᠂ ᠳᠤᠮᠳᠠᠳᠤ ᠤᠯᠤᠰ ᠤᠨ ᠭᠠᠵᠠᠷ ᠤᠨ ᠲᠤᠰᠤ ᠬᠢᠮᠢ ᠶᠢᠨ ᠦᠢᠯᠡᠳᠪᠦᠷᠢᠯᠡᠯ ᠤᠨ ᠪᠦᠯᠦᠭᠯᠡᠯ ᠺᠤᠮᠫᠠᠨᠢ᠂ ᠳᠤᠮᠳᠠᠳᠤ ᠤᠯᠤᠰ ᠤᠨ ᠳᠠᠯᠠᠢ ᠲᠠᠩᠭᠢᠰ ᠤᠨ ᠭᠠᠵᠠᠷ ᠤᠨ ᠲᠤᠰᠤᠨ ᠤ ᠶᠡᠷᠦᠩᠬᠡᠢ ᠺᠤᠮᠫᠨᠢ ᠵᠡᠷᠭᠡ ᠭᠤᠷᠪᠠᠨ ᠲᠤᠮᠤ ᠺᠤᠮᠫᠠᠨᠢ ᠡᠴᠡ ᠲᠤᠰᠤ ᠪᠤᠯᠪᠠᠰᠤᠷᠠᠭᠤᠯᠬᠤ ᠪᠤᠯᠤᠨ ᠵᠦᠭᠡᠭᠡᠪᠦᠷᠢᠯᠡᠬᠦ ᠠᠵᠢᠯᠯᠠᠭ᠎ᠠ ᠶᠢ ᠰᠠᠶᠢᠲᠤᠷ ᠵᠤᠬᠢᠶᠠᠨ ᠪᠠᠶᠢᠭᠤᠯᠵᠤ᠂ ᠵᠠᠬ᠎ᠠ ᠵᠡᠭᠡᠯᠢ ᠶᠢᠨ ᠲᠤᠭᠲᠠᠭᠤᠨ ᠬᠠᠩᠭ᠋ᠠᠯᠭ᠎ᠠ ᠶᠢ ᠪᠠᠲᠤᠯᠠᠨ᠂ ᠤᠯᠤᠰ ᠤᠨ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ ᠴᠢᠩᠭ᠋᠎ᠠ ᠬᠡᠷᠡᠭᠵᠢᠭᠦᠯᠦᠨ᠎ᠠ᠃ ᠡᠯ᠎ᠠ ᠵᠡᠷᠭᠡᠯᠡᠯ ᠤᠨ ᠦᠨ᠎ᠠ ᠬᠠᠩᠰᠢ ᠶᠢᠨ ᠰᠠᠯᠠᠭ᠎ᠠ ᠮᠦᠴᠢᠷ ᠡᠴᠡ ᠵᠠᠬ᠎ᠠ ᠵᠡᠭᠡᠯᠢ ᠶᠢᠨ ᠬᠢᠨᠠᠨ ᠬᠠᠮᠢᠶᠠᠷᠤᠯᠲᠠ ᠬᠢᠭᠡᠳ ᠪᠠᠶᠢᠴᠠᠭᠠᠯᠲᠠ ᠶᠢᠨ ᠬᠦᠴᠦᠨ ᠢᠶᠡᠨ ᠴᠢᠩᠭ᠋ᠠᠳᠬᠠᠨ᠂ ᠤᠯᠤᠰ ᠤᠨ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠦᠭᠡᠢ ᠪᠠᠶᠢᠭ᠎ᠠ ᠠᠵᠢᠯᠯᠠᠭ᠎ᠠ ᠳᠤ ᠬᠦᠨᠲᠤ ᠴᠤᠬᠢᠯᠲᠠ ᠦᠭᠴᠤ᠂ ᠵᠠᠬ᠎ᠠ ᠵᠡᠭᠡᠯᠢ ᠶᠢᠨ ᠬᠡᠪ ᠤᠨ ᠡᠮᠬᠢ ᠲᠢᠭ᠍ᠯᠢᠮ ᠢ ᠪᠠᠲᠤᠯᠠᠨ᠎ᠠ᠃ ᠬᠡᠷᠡᠭᠯᠡᠭᠴᠢᠳ 12358 ᠳ᠋ᠤᠭᠠᠷ ᠢᠶᠡᠷ ᠦᠨ᠎ᠠ ᠬᠠᠩᠰᠢ ᠶᠢᠨ ᠬᠠᠮᠢᠶᠠᠷᠤᠯᠲᠠ ᠶᠢᠨ ᠲᠠᠪᠴᠠᠩ ᠳᠤ ᠬᠤᠯᠪᠤᠭᠳᠠᠵᠤ ᠦᠨ᠎ᠠ ᠬᠠᠩᠰᠢ ᠶᠢᠨ ᠬᠠᠤᠯᠢ ᠡᠴᠡ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠵᠤ ᠪᠤᠯᠤᠨ᠎ᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121436575