蒙古文网站Logo
ᠰᠢᠨᠬᠤᠸᠠ ᠮᠤᠩᠭ᠋ᠤᠯ ᠨᠧᠲ

1 -7 ᠰᠠᠷ᠎ᠠ  ᠶᠢᠨ ᠰᠢᠯᠢ ᠶᠢᠨ ᠭᠤᠣᠯ ᠠᠶᠢᠮᠠᠭ ᠤᠨ ᠬᠦᠳᠡᠭᠡ ᠤᠷᠤᠨ ᠨᠤᠲᠤᠭ ᠤᠨ ᠬᠥᠳᠡᠯᠮᠦᠷᠢ ᠬᠦᠴᠦᠨ ᠤ ᠰᠢᠯᠵᠢᠯᠲᠡ ᠶᠢᠨ ᠪᠠᠶᠢᠳᠠᠯ

2017-08-09 16:51

    1 -7 ᠰᠠᠷ᠎ᠠ ᠳᠤ᠂ ᠰᠢᠯᠢ ᠶᠢᠨ ᠭᠤᠣᠯ ᠠᠶᠢᠮᠠᠭ 56814 ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠵᠦ᠂ ᠣᠨ ᠤ ᠡᠭᠦᠷᠭᠡ ᠶᠢᠨ ᠢᠶᠠᠨ 78.90% ᠶᠢ ᠪᠡᠶᠡᠯᠡᠭᠦᠯᠦᠨ᠂ ᠦᠩᠭᠡᠷᠡᠭᠰᠡᠨ ᠤᠨ ᠤ ᠮᠦᠨ ᠦᠶ᠎ᠡ᠎ ᠡᠴᠡ 1.70% ᠢᠶᠡᠷ ᠨᠡᠮᠡᠭᠳᠡᠵᠡᠶ᠃ ᠡᠭᠦᠨ ᠳᠤ᠂ ᠦᠨᠦ ᠵᠢᠯ 15099 ᠬᠥᠮᠦᠨ ᠢ ᠰᠢᠯᠵᠢᠭᠦᠯᠦᠨ ᠠᠵᠢᠯ ᠣᠯᠭᠤᠵᠦ᠂ ᠣᠨ ᠤ ᠡᠭᠦᠷᠭᠡ ᠶᠢᠨ ᠢᠶᠠᠨ 84.07% ᠶᠢ ᠪᠡᠶᠡᠯᠡᠭᠦᠯᠦᠨ᠂ ᠦᠩᠭᠡᠷᠡᠭᠰᠡᠨ ᠤᠨ ᠤ ᠮᠦᠨ ᠦᠶ᠎ᠡ᠎ ᠡᠴᠡ 2.16%  ᠪᠡᠷ ᠨᠡᠮᠡᠭᠳᠡᠪᠠ᠃ 41356 ᠮᠠᠯᠴᠢᠨ ᠲᠠᠷᠢᠶᠠᠴᠢᠨ ᠢ 6 ᠰᠠᠷ᠎ᠠ ᠠᠴᠠ ᠳᠡᠭᠡᠭ᠍ᠰᠢ ᠬᠤᠭᠤᠴᠠᠭ᠎ᠠ ᠲᠠᠢ ᠰᠢᠯᠵᠢᠭᠦᠯᠦᠨ ᠠᠵᠢᠯ ᠣᠯᠭᠤᠵᠤ᠂ ᠰᠢᠯᠵᠢᠭᠦᠯᠦᠨ ᠠᠵᠢᠯ ᠣᠯᠭᠤᠭᠰᠠᠨ ᠮᠠᠯᠴᠢᠨ ᠲᠠᠷᠢᠶᠠᠴᠢᠨ ᠤ ᠶᠡᠷᠥᠩᠬᠡᠢ ᠲᠤᠭᠠᠨ ᠤ 72.79% ᠶᠢ ᠡᠵᠡᠯᠡᠵᠤ᠂ ᠣᠨ ᠤ ᠡᠭᠦᠷᠭᠡ ᠶᠢᠨ ᠢᠶᠠᠨ 71.30% ᠶᠢ ᠪᠡᠶᠡᠯᠡᠭᠦᠯᠵᠦ᠂ ᠦᠩᠭᠡᠷᠡᠭᠰᠡᠨ ᠤᠨ ᠤ ᠮᠦᠨ ᠦᠶ᠎ᠡ᠎ ᠡᠴᠡ 2.05% ᠪᠡᠷ ᠬᠠᠰᠤᠭᠳᠠᠵᠠᠢ᠃ 5922 ᠮᠠᠯᠴᠢᠨ ᠲᠠᠷᠢᠶᠠᠴᠢᠨ ᠢ ᠳᠠᠰᠬᠠᠯᠵᠢᠭᠤᠯᠤᠨ ᠰᠢᠯᠵᠢᠭᠦᠯᠵᠦ᠂ ᠣᠨ ᠤ ᠡᠭᠦᠷᠭᠡ ᠶᠢᠨ ᠢᠶᠠᠨ 65.80% ᠶᠢ ᠪᠡᠶᠡᠯᠡᠭᠦᠯᠦᠨ᠂ ᠦᠩᠭᠡᠷᠡᠭᠰᠡᠨ ᠤᠨ ᠤ ᠮᠦᠨ ᠦᠶ᠎ᠡ᠎ ᠡᠴᠡ 13.00% ᠢᠶᠡᠷ ᠬᠠᠰᠤᠭᠳᠠᠭᠰᠠᠨ ᠪᠠᠶᠢᠨ᠎ᠠ᠃

    ᠰᠢᠯᠢ ᠶᠢᠨ ᠭᠤᠣᠯ ᠠᠶᠢᠮᠠᠭ 40484 ᠬᠦᠮᠦᠨ ᠢ ᠥᠢᠷ᠎ᠠ ᠬᠠᠪᠢ ᠪᠣᠶᠤ ᠲᠤᠰ ᠭᠠᠵᠠᠷ ᠲᠤᠨᠢ ᠰᠢᠯᠵᠢᠭᠦᠯᠦᠨ ᠠᠵᠢᠯ ᠣᠯᠭᠤᠵᠤ᠂ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠶᠡᠷᠥᠩᠬᠡᠢ ᠲᠣᠭᠠᠨ ᠤ 71.26% ᠶᠢ ᠡᠵᠡᠯᠡᠨ᠂ ᠦᠩᠭᠡᠷᠡᠭᠰᠡᠨ ᠤᠨ ᠤ ᠮᠦᠨ ᠦᠶ᠎ᠡ᠎ ᠡᠴᠡ 2.05% ᠪᠡᠷ ᠬᠠᠰᠤᠭᠳᠠᠪᠠ; ᠠᠳᠠᠯᠢ ᠬᠤᠭᠤᠴᠠᠭᠠᠨ ᠳᠤ᠂ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠨᠡᠶᠢᠲᠡ 24463 ᠬᠥᠳᠡᠯᠮᠦᠷᠢ ᠬᠦᠴᠦᠨ ᠢ ᠭᠠᠳᠠᠭᠰᠢ ᠭᠠᠷᠭᠠᠵᠤ᠂ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠶᠡᠷᠦᠩᠬᠡᠢ ᠲᠣᠭᠠᠨ ᠤ 43.05% ᠶᠢ ᠡᠵᠡᠯᠡᠵᠠᠢ᠂ ᠡᠭᠦᠨ ᠳᠤ ᠵᠣᠬᠢᠶᠠᠨ ᠪᠠᠶᠢᠭᠤᠯᠤᠯᠲᠠ ᠲᠠᠢ ᠪᠠᠷ 1716 ᠬᠦᠳᠡᠯᠮᠦᠷᠢ ᠬᠦᠴᠦᠨ ᠢ ᠭᠠᠳᠠᠭᠰᠢ ᠭᠠᠷᠭᠠᠵᠤ᠂ ᠭᠠᠳᠠᠭᠰᠢ ᠭᠠᠷᠭᠠᠭᠰᠠᠨ ᠬᠥᠳᠡᠯᠮᠦᠷᠢ ᠬᠦᠴᠦᠨ ᠤ ᠶᠡᠷᠦᠩᠬᠡᠢ ᠲᠤᠭᠠᠨ ᠤ 7.01% ᠶᠢ ᠡᠵᠡᠯᠡᠪᠡ; ᠲᠤᠰ ᠬᠤᠭᠤᠴᠠᠭᠠᠨ ᠳᠤ ᠭᠠᠳᠠᠭᠰᠢ ᠭᠠᠷᠬᠤ ᠠᠴᠠ ᠪᠠᠨ ᠡᠮᠦᠨ᠎ᠡ ᠲᠠᠰᠬᠠᠯᠵᠢᠭᠤᠯᠤᠯ ᠬᠦᠷᠲᠡᠭᠰᠡᠨ ᠮᠠᠯᠴᠢᠨ ᠲᠠᠷᠢᠶᠠᠴᠢᠨ5339 ᠪᠠᠶᠢᠵᠤ᠂ ᠰᠢᠯᠵᠢᠭᠦᠯᠦᠨ ᠠᠵᠢᠯ ᠣᠯᠭᠤᠭᠰᠠᠨ ᠮᠠᠯᠴᠢᠨ ᠲᠠᠷᠢᠶᠠᠴᠢᠳ ᠤᠨ ᠶᠡᠷᠥᠩᠬᠡᠢ ᠲᠣᠭᠠᠨ ᠤ 9.39% ᠶᠢ ᠡᠵᠡᠯᠡᠪᠡ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121457907