蒙古文网站Logo
ᠰᠢᠨᠬᠤᠸᠠ ᠮᠤᠩᠭ᠋ᠤᠯ ᠨᠧᠲ

7 ᠰᠠᠷ᠎ᠠ ᠳᠤ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠭᠡᠷᠡᠭᠯᠡᠭᠡᠨ ᠤ ᠦᠷᠲᠡᠭ ᠦᠩᠭᠡᠷᠡᠭᠰᠡᠨ ᠤᠨ ᠤ ᠮᠦᠨ ᠦᠶ᠎ᠠ ᠡᠴᠡ 1.4% ᠪᠡᠷ ᠨᠡᠮᠡᠭᠳᠡᠪᠡ

2017-08-10 11:34

    ᠰᠢᠨᠬᠤᠸᠠ ᠬᠤᠷᠢᠶ᠎ᠠ   ᠪᠡᠭᠡᠵᠢᠩ ᠤᠨ 8 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠴᠸᠨ ᠸᠸᠢ ᠸᠸᠢ) ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ 9 ᠤ ᠡᠳᠦᠷ ᠮᠡᠳᠡᠭᠡᠨ ᠳᠤ᠂ 7 ᠰᠠᠷ᠎ᠠ ᠳᠤ᠂ ᠤᠯᠤᠰ ᠳᠠᠶᠠᠭᠠᠷ ᠤᠨ ᠰᠠᠭᠤᠭᠠᠯᠢ ᠢᠷᠭᠡᠳ ᠤᠨ ᠭᠡᠷᠡᠭᠯᠡᠭᠡᠨ ᠤ ᠦᠷᠲᠡᠭ ᠤᠨ ᠵᠢᠭᠠᠯᠲᠠ ᠲᠤᠭ᠎ᠠ (CPI) ᠦᠩᠭᠡᠷᠡᠭᠰᠡᠨ ᠤᠨ ᠤ ᠮᠦᠨ ᠦᠶ᠎ᠠ ᠡᠴᠡ 1.4% ᠪᠡᠷ ᠨᠡᠮᠡᠭᠳᠡᠵᠤ᠂ ᠨᠡᠮᠡᠭᠳᠡᠯ ᠤᠨ ᠬᠡᠮᠵᠢᠶ᠎ᠠ ᠨᠢ ᠳᠡᠭᠡᠷ᠎ᠠ ᠰᠠᠷ᠎ᠠ ᠶᠢᠨ ᠢᠶᠡᠨ ᠵᠠᠭᠤᠨ ᠤ ᠬᠠᠷᠢᠴᠠᠯ ᠢᠶᠡᠷ 0.1 ᠪᠡᠷ ᠪᠠᠭᠤᠷᠠᠪᠠ᠃

    ᠲᠤᠭ᠎ᠠ ᠪᠦᠷᠢᠳᠭᠡᠯ ᠳᠤ ᠢᠯᠡᠷᠡᠭᠰᠡᠨ ᠨᠢ᠂ 7 ᠰᠠᠷ᠎ᠠ ᠳᠤ᠂ CPI ᠶᠢ ᠪᠦᠷᠢᠯᠳᠦᠭᠦᠯᠬᠦ ᠨᠠᠶ᠋ᠮᠠᠨ ᠲᠠᠸᠠᠷ ᠪᠤᠯᠤᠨ ᠦᠢᠯᠡᠴᠢᠯᠡᠭᠡᠨ ᠤ ᠦᠨ᠎ᠠ ᠶᠢᠨ ᠵᠢᠷᠭᠤᠭ᠎ᠠ ᠨᠢ ᠦᠰᠴᠤ ᠬᠤᠶᠠᠷ ᠨᠢ ᠪᠠᠭᠤᠷᠠᠪᠠ᠃ 7 ᠰᠠᠷ᠎ᠠ ᠳᠤ᠂ ᠬᠦᠨᠡᠰᠤ ᠠᠷᠢᠭᠢ ᠲᠠᠮᠠᠬᠢᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ 0.1% ᠪᠡᠷ ᠪᠠᠭᠤᠷᠠᠵᠤ᠂CPI ᠨᠢ ᠵᠠᠭᠤᠨ ᠤ ᠬᠠᠷᠢᠴᠠᠯ ᠢᠶᠡᠷ 0.04 ᠪᠡᠷ ᠪᠠᠭᠤᠷᠠᠪᠠ᠃ ᠡᠭᠦᠨ ᠳᠤ᠂ ᠮᠠᠯ ᠤᠨ ᠮᠢᠬᠠᠨ ᠤ ᠦᠨ᠎ᠠ 9.8% ᠪᠡᠷ ᠪᠠᠭᠤᠷᠠᠵᠤ᠂CPI ᠨᠢ ᠵᠠᠭᠤᠨ ᠤ ᠬᠠᠷᠢᠴᠠᠯ ᠢᠶᠡᠷ 0.49 ᠪᠡᠷ ᠪᠠᠭᠤᠷᠠᠵᠠᠢ᠃ ᠦᠨᠳᠡᠭᠡᠨ ᠤ ᠲᠦᠷᠦᠯ ᠤᠨ ᠦᠨ᠎ᠠ 4.9% ᠪᠡᠷ ᠪᠠᠭᠤᠷᠠᠵᠤ᠂CPI ᠨᠢ ᠵᠠᠭᠤᠨ ᠤ ᠬᠠᠷᠢᠴᠠᠯ ᠢᠶᠡᠷ 0.03 ᠪᠡᠷ ᠪᠠᠭᠤᠷᠠᠭᠰᠠᠨ ᠪᠠᠶᠢᠨ᠎ᠠ᠃ ᠨᠤᠭᠤᠭᠠᠨ ᠤ ᠦᠨ᠎ᠠ 9.1% ᠪᠡᠷ ᠦᠰᠴᠤ᠂CPI ᠨᠢ ᠵᠠᠭᠤᠨ ᠤ ᠬᠠᠷᠢᠴᠠᠯ ᠢᠶᠡᠷ 0.20 ᠢᠶᠡᠷ ᠨᠡᠮᠡᠭᠳᠡᠪᠠ᠃ ᠤᠰᠤᠨ ᠤ ᠭᠠᠷᠤᠯᠲᠠ᠂ ᠵᠢᠮᠢᠰ᠂ ᠠᠮᠤ ᠪᠤᠳᠠᠭᠠᠨ ᠤ ᠦᠨ᠎ᠠ ᠲᠤᠰ ᠪᠦᠷᠢ 4.3%᠂ 1.7% ᠪᠤᠯᠤᠨ 1.6% ᠪᠡᠷ ᠨᠡᠮᠡᠭᠳᠡᠵᠠᠢ᠃

    7 ᠰᠠᠷ᠎ᠠ ᠳᠤ᠂ ᠪᠤᠰᠤᠳ ᠳᠤᠯᠤᠭᠠᠨ ᠲᠦᠷᠦᠯ ᠤᠨ ᠦᠨ᠎ᠠ ᠦᠩᠭᠡᠷᠡᠭᠰᠡᠨ ᠤᠨ ᠤ ᠮᠦᠨ ᠦᠶ᠎᠎ᠠ ᠶᠢᠨ ᠬᠢ ᠡᠴᠡ ᠵᠢᠷᠭᠤᠭ᠎ᠠ ᠨᠢ ᠦᠰᠴᠤ ᠨᠢᠭᠡ ᠨᠢ ᠪᠠᠭᠤᠷᠠᠪᠠ᠃ ᠡᠭᠦᠨ ᠳᠤ᠂ ᠡᠮ ᠡᠮᠨᠡᠯᠭᠡ ᠡᠷᠡᠭᠦᠯᠵᠢᠭᠦᠯᠬᠦ ᠵᠦᠢᠯᠡᠰ ᠤᠨ ᠦᠨ᠎ᠠ 5.5% ᠪᠡᠷ ᠦᠰᠴᠤ᠂ ᠤᠷᠤᠨ ᠰᠠᠭᠤᠴᠠ᠂ ᠰᠤᠷᠭᠠᠨ ᠬᠦᠮᠦᠵᠢᠯ ᠪᠤᠯᠤᠨ ᠵᠤᠭ᠎ᠠ ᠴᠡᠩᠭᠡᠭᠦᠨ ᠤ ᠵᠦᠢᠯᠡᠰ ᠤᠨ ᠦᠨ᠎ᠠ ᠴᠦᠮ᠎ᠠ 2.5% ᠪᠡᠷ ᠦᠰᠴᠠᠢ᠃ ᠬᠤᠪᠴᠠᠰᠤ ᠬᠤᠨᠠᠷ᠂ ᠪᠤᠰᠤᠳ ᠬᠡᠷᠡᠭᠯᠡᠭᠡᠨ ᠤ ᠪᠤᠳᠠᠰ ᠵᠢᠴᠢ ᠦᠢᠯᠡᠴᠢᠯᠡᠭᠡ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠠ ᠲᠤᠰ ᠪᠦᠷᠢ 1.4%᠂ 1.3%᠂ ᠪᠤᠯᠤᠨ 1.1% ᠪᠡᠷ ᠦᠰᠦᠭᠰᠡᠨ ᠪᠠᠶᠢᠨ᠎ᠠ᠃ ᠵᠠᠮ ᠬᠠᠷᠢᠯᠴᠠᠭ᠎ᠠ ᠬᠢᠭᠡᠳ ᠴᠢᠮᠡᠭᠡ ᠬᠤᠯᠪᠤᠭᠠᠨ ᠤ ᠦᠨ᠎ᠠ 0.2% ᠢᠶᠡᠷ ᠪᠠᠭᠤᠷᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121462433