蒙古文网站Logo
ᠰᠢᠨᠬᠤᠸᠠ ᠮᠤᠩᠭ᠋ᠤᠯ ᠨᠧᠲ

7 ᠰᠠᠷ᠎ᠠ ᠳᠤ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠪᠠᠭ᠎ᠠ ᠦᠰᠪᠠ

2017-08-14 17:09

    ᠰᠢᠨᠬᠤᠸᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠫᠸᠩ ᠶᠤᠸᠠᠨ) ᠲᠦᠷᠦᠭᠦᠬᠡᠨ ᠰᠤᠷᠪᠤᠯᠵᠢᠯᠠᠭᠴᠢ ᠦᠪᠦᠷ ᠮᠣᠩᠭᠣᠯ ᠤᠨ ᠬᠦᠭ᠍ᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ 7 ᠰᠠᠷ᠎᠎ᠠ ᠳᠤ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠭᠠᠬᠤ ᠦᠨ᠎ᠠ ᠪᠠᠭ᠎ᠠ ᠦᠰᠴᠤ᠂ ᠴᠠᠬᠢᠯᠭᠠᠨ ᠨᠡᠭᠦᠷᠡᠰᠦᠨ ᠤ ᠬᠤᠳᠠᠯᠳᠤᠨ ᠤᠷᠤᠭᠤᠯᠬᠤ ᠦᠨ᠎ᠠ ᠮᠡᠳᠡᠭᠳᠡᠮ᠎ᠠ ᠪᠠᠭᠤᠷᠠᠪᠠ᠃ ᠲᠤᠰᠬᠠᠢ ᠮᠡᠷᠭᠡᠵᠢᠯᠲᠠ ᠤ ᠲᠦᠰᠦᠭᠡᠯᠡᠭᠰᠡᠨ ᠢᠶᠡᠷ 8ᠰᠠᠷ᠎ᠠ ᠳᠤ ᠨᠡᠭᠦᠷᠡᠰᠦᠨ ᠤ ᠦᠨ᠎ᠠ ᠡᠷᠭᠢᠯᠲᠡ ᠶᠢᠨ ᠪᠠᠶᠢᠳᠠᠯ ᠲᠠᠢ ᠪᠤᠯᠬᠤ ᠶᠤᠮ ᠪᠠᠶᠢᠨ᠎ᠠ᠃

    7 ᠰᠠᠷ᠎ᠠ ᠳᠤ᠂ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠳᠤᠮᠳᠠᠴᠢ ᠲᠤᠭᠠᠴᠠᠭᠠᠨ ᠤ ᠦᠨ᠎ᠠ ᠲᠤᠨ ᠪᠦᠷᠢ ᠳᠤ ᠪᠡᠨ 199.85 ᠲᠦᠬᠦᠷᠢᠭ᠌ ᠲᠤ ᠬᠦᠷᠴᠤ ᠦᠩᠭᠡᠷᠡᠭᠰᠡᠨ ᠡᠭᠡᠯᠵᠢ ᠶᠢᠨ ᠬᠢ ᠡᠴᠡ 1.86% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 49.07% ᠪᠡᠷ ᠨᠡᠮᠡᠭᠳᠡᠵᠠᠢ᠃ ᠵᠡᠭᠦᠨ ᠪᠦᠰᠡ ᠨᠤᠲᠤᠭ ᠤᠨ ᠬᠦᠷᠡᠩ ᠨᠡᠭᠦᠷᠡᠰᠦᠨ ᠤ ᠳᠤᠮᠳᠠᠴᠢ ᠲᠤᠭᠠᠴᠠᠭᠠᠨ ᠤ ᠦᠨ᠎ᠠ ᠲᠤᠨ ᠪᠦᠷᠢ ᠳᠤ ᠪᠡᠨ 149.52 ᠲᠦᠬᠦᠷᠢᠭ᠌ ᠲᠤ ᠬᠦᠷᠴᠤ ᠦᠩᠭᠡᠷᠡᠭᠰᠡᠨ ᠡᠭᠡᠯᠵᠢ ᠶᠢᠨ ᠬᠢ ᠡᠴᠡ 0.50% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 38.48% ᠪᠡᠷ ᠨᠡᠮᠡᠭᠳᠡᠪᠡ᠃ ᠤᠷᠳᠤᠰ ᠬᠤᠲᠠ ᠶᠢᠨ ᠰᠢᠲᠠᠭᠠᠯᠭ᠎ᠠ ᠶᠢᠨ ᠨᠡᠭᠦᠷᠡᠰᠦᠨ ᠤ ᠳᠤᠮᠳᠠᠴᠢ ᠲᠤᠭᠠᠴᠠᠭᠠᠨ ᠤ ᠦᠨ᠎ᠠ ᠲᠤᠨ ᠪᠦᠷᠢ ᠳᠤ ᠪᠡᠨ 260.00 ᠲᠦᠬᠦᠷᠢᠭ᠌ ᠲᠤ ᠬᠦᠷᠴᠤ ᠦᠩᠭᠡᠷᠡᠭᠰᠡᠨ ᠡᠭᠡᠯᠵᠢ ᠶᠢᠨ ᠬᠢ ᠡᠴᠡ 5.17% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 83.53% ᠪᠡᠷ ᠨᠡᠮᠡᠭᠳᠡᠭᠰᠡᠨ ᠪᠠᠶᠢᠨ᠎ᠠ᠃

    ᠡᠭᠦᠨ ᠤ ᠬᠠᠮᠲᠤ᠂ 7 ᠰᠠᠷ᠎ᠠ ᠶᠢᠨ ᠦᠪᠦᠷ ᠮᠣᠩᠭᠣᠯ ᠤᠨ ᠴᠠᠬᠢᠯᠭᠠᠨ ᠨᠡᠭᠦᠷᠡᠰᠦᠨ ᠤ ᠲᠤᠮᠳᠠᠴᠢ ᠬᠤᠳᠠᠯᠳᠤᠨ ᠤᠷᠤᠭᠤᠯᠬᠤ ᠦᠨ᠎ᠠ ᠲᠤᠨ ᠪᠦᠷᠢ ᠳᠤ ᠪᠡᠨ 196.68 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 4.33% ᠪᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎᠎ᠠ ᠡᠴᠡ 46.80% ᠪᠡᠷ ᠦᠰᠪᠡ᠃ ᠪᠠᠷᠢᠮᠵᠢᠶᠠᠲᠤ ᠨᠡᠭᠦᠷᠡᠰᠤ (7000 ᠶᠡᠬᠡ ᠺᠠᠯᠤᠷᠢ) ᠪᠤᠯᠭᠠᠨ ᠨᠤᠭᠤᠯᠵᠤ ᠪᠤᠳᠤᠪᠠᠯ ᠳᠤᠮᠳᠠᠴᠢ ᠦᠨ᠎ᠠ ᠨᠢ ᠲᠤᠨ ᠪᠦᠷᠢ ᠳᠤ ᠪᠡᠨ 363.53 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 3.69% ᠪᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎᠎ᠠ ᠡᠴᠡ 42.98% ᠪᠡᠷ ᠦᠰᠦᠭᠰᠡᠨ ᠪᠠᠶᠢᠨ᠎ᠠ᠃

    ᠡᠭᠦᠨ ᠳᠤ᠂ ᠵᠡᠭᠦᠨ ᠪᠦᠰᠡ ᠨᠤᠲᠤᠭ ᠤᠨ ᠴᠠᠬᠢᠯᠭᠠᠨ ᠨᠡᠭᠦᠷᠡᠰᠦᠨ ᠤ ᠳᠤᠮᠳᠠᠴᠢ ᠬᠤᠳᠠᠯᠳᠤᠨ ᠤᠷᠤᠭᠤᠯᠬᠤ ᠦᠨ᠎ᠠ ᠨᠢ ᠲᠤᠨ ᠪᠦᠷᠢ ᠳᠤ ᠪᠡᠨ 162.45 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 5.55% ᠪᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ 24.04% ᠪᠡᠷ ᠦᠰᠪᠠ᠃ ᠪᠠᠷᠠᠭᠤᠨ ᠪᠦᠰᠡ ᠨᠤᠲᠤᠭ ᠤᠨ ᠴᠠᠬᠢᠯᠭᠠᠨ ᠨᠡᠭᠦᠷᠡᠰᠦᠨ ᠤ ᠳᠤᠮᠳᠠᠴᠢ ᠬᠤᠳᠠᠯᠳᠤᠨ ᠤᠷᠤᠭᠤᠯᠬᠤ ᠦᠨ᠎ᠠ ᠨᠢ ᠲᠤᠨ ᠪᠦᠷᠢ ᠳᠤ ᠪᠡᠨ 224.06 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠡᠴᠡ 3.60% ᠪᠡᠷ ᠪᠠᠭᠤᠷᠠᠵᠤ᠂ ᠦᠩᠭᠡᠷᠡᠭᠰᠡᠨ ᠤᠨ ᠤ ᠮᠦᠨ ᠦᠶ᠎ᠠ ᠡᠴᠡ64.28% ᠪᠡᠷ ᠨᠡᠮᠡᠭᠳᠡᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121481475