蒙古文网站Logo
ᠰᠢᠨᠬᠤᠸᠠ ᠮᠤᠩᠭ᠋ᠤᠯ ᠨᠧᠲ

ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠠᠰᠢᠭ ᠬᠤᠨᠵᠢᠪᠤᠷᠢ ᠦᠩᠭᠡᠷᠡᠭᠰᠡᠨ ᠤᠨ ᠤ ᠮᠦᠨ ᠦᠶ᠎ᠠ ᠡᠴᠡ 84.9% ᠪᠡᠷ ᠨᠡᠮᠡᠭᠳᠡᠪᠡ

2017-08-14 17:09

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠬᠢᠭᠡᠳ ᠰᠤᠷᠠᠭ ᠵᠠᠩᠭᠢᠵᠢᠯᠲᠠ ᠶᠢᠨ ᠲᠦᠪ ᠡᠴᠡ ᠤᠶᠢᠯᠠᠭᠠᠭᠰᠠᠨ ᠢᠶᠡᠷ᠂ ᠦᠨᠦ ᠵᠢᠯ ᠡᠴᠡ ᠨᠠᠰᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠦᠷ᠎ᠠ ᠠᠰᠢᠭ ᠪᠦᠬᠦ ᠲᠠᠯ᠎ᠠ ᠪᠡᠷ ᠰᠠᠶᠢᠨ ᠪᠤᠯᠪᠠ᠃ 1-6 ᠰᠠᠷ᠎ᠠ ᠳᠤ᠂ ᠤᠷᠤᠨ ᠳᠠᠶᠠᠭᠠᠷ ᠤᠨ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠭᠤᠤᠯ ᠡᠵᠡᠩᠨᠡᠯᠲᠡ ᠶᠢᠨ ᠤᠷᠤᠯᠭ᠎ᠠ᠂ ᠠᠰᠢᠭ ᠬᠤᠨᠵᠢᠪᠤᠷᠢ᠂ ᠭᠠᠶᠢᠯᠢ ᠶᠢᠨ ᠤᠷᠤᠯᠭ᠎ᠠ ᠵᠡᠷᠭᠡ ᠭᠤᠤᠯ ᠪᠤᠯᠬᠤ ᠵᠢᠭᠠᠯᠲᠠ ᠲᠤᠭ᠎ᠠ ᠪᠦᠬᠦ ᠲᠠᠯ᠎ᠠ ᠪᠡᠷ ᠰᠠᠶᠢᠨ ᠪᠠᠶᠢᠵᠤ᠂ ᠨᠢᠭᠡ ᠤᠯᠠᠷᠢᠯ ᠤᠨ ᠲᠤᠭᠲᠠᠭᠤᠨ ᠦᠰᠦᠯᠲᠠ ᠶᠢ ᠪᠠᠲᠤᠯᠠᠪᠠ᠃ ᠤᠷᠤᠨ ᠳᠠᠶᠠᠭᠠᠷ ᠤᠨ 4299 ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢᠯᠡᠯ ᠠᠵᠤ ᠠᠬᠤᠶᠢᠯᠠᠯ 830.9 ᠳ᠋ᠦᠩᠰᠢᠭᠤᠷ ᠲᠦᠬᠦᠷᠢᠭ᠌ ᠤᠨ ᠠᠰᠢᠭ ᠬᠤᠨᠵᠢᠪᠤᠷᠢ ᠶᠢ ᠪᠠᠶᠠᠯᠠᠭᠦᠯᠵᠤ᠂ ᠦᠩᠭᠡᠷᠡᠭᠰᠡᠨ ᠤᠨ ᠤ ᠮᠦᠨ ᠦᠶ᠎᠎ᠠ ᠡᠴᠡ 84.9% ᠪᠡᠷ ᠨᠡᠮᠡᠭᠳᠡᠨ᠂ ᠤᠯᠤᠰ ᠳᠠᠶᠠᠭᠠᠷ ᠤᠨ ᠳᠤᠮᠳᠠᠴᠢ ᠬᠢᠷᠢ ᠲᠦᠪᠰᠢᠨ ᠡᠴᠡ ᠵᠠᠭᠤᠨ ᠤ ᠬᠠᠷᠢᠴᠠᠯ ᠢᠶᠡᠷ 62.9 ᠪᠡᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠤᠯᠤᠰ ᠤᠨ ᠳᠠᠶᠠᠭᠠᠷ ᠲᠤ 8 ᠳᠤ ᠪᠠᠶᠢᠷᠢᠯᠠᠵᠤ᠂ ᠦᠩᠭᠡᠷᠡᠭᠰᠡᠨ ᠤᠨ ᠤ ᠮᠦᠨ ᠦᠶ᠎᠎ᠠ ᠡᠴᠡ ᠵᠠᠭᠤᠨ ᠤ ᠬᠠᠷᠢᠴᠠᠯ ᠢᠶᠡᠷ 84.3 ᠪᠡᠷ ᠨᠡᠮᠡᠭᠳᠡᠭᠰᠡᠨ ᠪᠠᠶᠢᠨ᠎ᠠ᠃

    ᠵᠢᠷᠭᠤᠭᠠᠨ ᠲᠤᠮᠤ ᠳᠠᠪᠠᠭᠤᠯᠢᠭ ᠠᠵᠤ ᠠᠬᠤᠶᠢᠯᠠᠯ ᠪᠦᠬᠦᠨ ᠢᠶᠡᠷ ᠢᠶᠡᠨ ᠠᠰᠢᠭ ᠬᠤᠨᠵᠢᠪᠦᠷᠢ ᠲᠠᠢ ᠪᠤᠯᠪᠠ᠃ ᠲᠠᠷᠢᠶᠠᠯᠠᠩ ᠮᠡᠯ ᠠᠵᠤ ᠠᠬᠤᠢ ᠶᠢᠨ ᠭᠠᠷᠤᠯᠲᠠ ᠢᠢ ᠪᠤᠯᠪᠠᠰᠤᠷᠠᠭᠤᠯᠬᠤ᠂ ᠲᠡᠮᠦᠷᠯᠢᠭ ᠪᠤᠯᠪᠠᠰᠤᠷᠠᠭᠤᠯᠬᠤ᠂ ᠲᠤᠨᠤᠭ ᠲᠦᠬᠦᠭᠡᠷᠦᠮᠵᠢ ᠦᠢᠯᠡᠳᠬᠦ᠂ ᠪᠠᠷᠢᠯᠭ᠎ᠠ ᠶᠢᠨ ᠮᠠᠲ᠋ᠸᠷᠢᠶᠠᠯ ᠤᠨ ᠠᠵᠤ ᠦᠢᠯᠡᠰ ᠤᠨ ᠠᠰᠢᠭ ᠬᠤᠨᠵᠢᠪᠦᠷᠢ ᠲᠤᠰ ᠪᠦᠷᠢ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠠᠰᠢᠭ ᠬᠤᠨᠵᠢᠪᠦᠷᠢ ᠶᠢᠨ 52.3%᠂ 20.2%᠂ 12.4%᠂ 5.9%᠂ 1.6%᠂3.3% ᠶᠢ ᠡᠵᠡᠯᠡᠪᠡ᠃

    ᠲᠦᠷᠦᠭᠦᠦ ᠬᠠᠭᠠᠰ ᠵᠢᠯ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ 641.0 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 51.7 ᠪᠡᠷ ᠨᠡᠮᠡᠭᠳᠡᠵᠤ᠂ ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ ᠪᠦᠬᠦᠶᠢᠯᠡ ᠭᠠᠶᠢᠯᠢ ᠶᠢᠨ ᠤᠷᠤᠯᠭ᠎ᠠ ᠶᠢᠨ 50.3% ᠶᠢ ᠡᠵᠡᠯᠡᠵᠠᠢ᠃ ᠡᠭᠦᠨ ᠳᠤ᠂ ᠨᠡᠭᠦᠷᠡᠰᠦᠨ ᠤ ᠭᠠᠶᠢᠯᠢ ᠶᠢᠨ ᠤᠷᠤᠯᠭ᠎ᠠ 287.8 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 189.3% ᠪᠡᠷ ᠨᠡᠮᠡᠭᠳᠡᠭᠰᠡᠨ ᠪᠠᠶᠢᠨ᠎ᠠ᠃

    1-6 ᠰᠠᠷ᠎ᠠ ᠳᠤ᠂ ᠤᠷᠤᠨ ᠳᠠᠶᠠᠭᠠᠷ ᠤᠨ 4299 ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠭᠤᠤᠯ ᠡᠵᠡᠩᠨᠡᠯᠲᠡ ᠶᠢᠨ ᠤᠷᠤᠯᠭ᠎ᠠ ᠨᠢ 10348.7 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 18.1% ᠪᠡᠷ ᠨᠡᠮᠡᠭᠳᠡᠨ᠂ ᠤᠯᠤᠰ ᠳᠠᠶᠠᠭᠠᠷ ᠤᠨ ᠳᠤᠮᠳᠠᠴᠢ ᠬᠢᠷᠢ ᠲᠦᠪᠰᠢᠨ ᠡᠴᠡ ᠵᠠᠭᠤᠨ ᠤ ᠬᠠᠷᠢᠴᠠᠯ ᠢᠶᠡᠷ 4.5 ᠪᠡᠷ ᠦᠨᠳᠦᠷ᠂ ᠤᠯᠤᠰ ᠳᠠᠶᠠᠭᠠᠷ ᠲᠤ 7 ᠳᠤ ᠪᠠᠶᠢᠷᠢᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠵᠠᠭᠤᠨ ᠤ ᠬᠠᠷᠢᠴᠠᠯ ᠢᠶᠡᠷ 16 ᠪᠡᠷ ᠨᠡᠮᠡᠭᠳᠡᠪᠡ᠃ ᠡᠷᠴᠢᠮ ᠬᠦᠴᠤ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ᠂ ᠬᠢᠮᠢ ᠶᠢᠨ ᠦᠢᠯᠡᠳᠪᠦᠷᠢ᠂ ᠲᠡᠮᠦᠷᠯᠢᠭ ᠪᠤᠯᠪᠠᠰᠤᠷᠠᠭᠤᠯᠬᠤ᠂ ᠲᠤᠨᠤᠭ ᠲᠦᠬᠦᠭᠡᠷᠦᠮᠵᠢ ᠦᠢᠯᠡᠳᠬᠦ᠂ ᠪᠠᠷᠢᠯᠭ᠎ᠠ ᠶᠢᠨ ᠮᠠᠲ᠋ᠸᠷᠢᠶᠠᠯ ᠤᠨ ᠠᠵᠤ ᠦᠢᠯᠡᠰ ᠤᠨ ᠭᠤᠤᠯ ᠡᠵᠡᠩᠨᠡᠯᠲᠡ ᠶᠢᠨ ᠤᠷᠤᠯᠭ᠎ᠠ ᠨᠢ ᠲᠤᠰ ᠪᠦᠷᠢ ᠤᠷᠤᠨ ᠳᠠᠶᠠᠭᠠᠷ ᠤᠨ ᠠᠵᠤ ᠦᠢᠯᠡᠳᠪᠦᠷᠢ ᠶᠢᠨ ᠭᠤᠤᠯ ᠡᠵᠡᠩᠨᠡᠯᠲᠡ ᠶᠢᠨ ᠤᠷᠤᠯᠭ᠎ᠠ ᠶᠢᠨ 32.3%᠂ 17.1%᠂ 11.4%᠂ 23.6%᠂ 4.6% ᠪᠤᠯᠤᠨ 4.7% ᠶ᠋ᠢ ᠡᠵᠡᠯᠡᠵᠠᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121481499