蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭᠠᠨ ᠤ ᠰᠢᠰᠲ᠋ᠸᠮ ᠢ ᠠᠩᠬ᠎ᠠ ᠠᠯᠬᠤᠮ ᠪᠠᠶᠢᠭᠤᠯᠪᠠ

2017-08-16 11:44

    ᠰᠢᠨᠬᠤᠸᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠢᠶᠠ ᠯᠢ ᠵᠢᠶᠦ᠋ᠨ)《 ᠴᠠᠬᠢᠮ ᠬᠤᠳᠠᠯᠳᠤᠭ᠎ᠠ ᠬᠦᠳᠡᠭᠡ ᠤᠷᠤᠨ ᠨᠤᠲᠤᠭ ᠲᠤ ᠤᠷᠤᠵᠤ ᠰᠢᠶᠠᠨ ᠤ ᠪᠦᠰᠡ ᠨᠤᠲᠤᠭ ᠤᠨ ᠡᠳ᠋ ᠤᠨ ᠵᠠᠰᠠᠭ ᠤᠨ ᠬᠦᠭ᠍ᠵᠢᠯᠲᠠ ᠳᠤ ᠰᠢᠨ᠎ᠠ ᠬᠦᠴᠦᠨ ᠨᠡᠮᠡᠷᠢᠯᠡᠪᠡ》᠂ ᠦᠪᠦᠷ ᠮᠣᠩᠭᠣᠯ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭᠠᠨ ᠤ ᠰᠢᠰᠲ᠋ᠸᠮ ᠢ ᠠᠩᠬ᠎ᠠ ᠠᠯᠬᠤᠮ ᠪᠠᠶᠢᠭᠤᠯᠵᠤ᠂ 10 ᠲᠦᠮᠡᠨ ᠬᠦᠮᠦᠨ ᠤ ᠠᠵᠢᠯ ᠤᠯᠭᠤᠯᠲᠠ ᠶᠢ ᠳᠠᠶᠢᠴᠢᠯᠠᠪᠠ ᠭᠡᠵᠦ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠰᠦᠨ ᠸᠸᠢ ᠳ᠋ᠦᠩ ᠪᠠᠶᠠᠨᠨᠠᠭᠤᠷ ᠬᠤᠲᠠ ᠳᠤ ᠬᠤᠷᠠᠯᠳᠤᠵᠤ ᠪᠠᠶᠢᠭ᠎ᠠ ᠤᠷᠤᠨ ᠳᠠᠶᠠᠭᠠᠷ ᠤᠨ ᠴᠠᠬᠢᠮ ᠬᠤᠳᠠᠯᠳᠤᠭ᠎ᠠ ᠬᠦᠳᠡᠭᠡ ᠤᠷᠤᠨ ᠨᠤᠲᠤᠭ ᠲᠤ ᠤᠷᠤᠬᠤ ᠠᠵᠢᠯ ᠤᠨ ᠬᠤᠷᠠᠯ ᠳᠡᠭᠡᠷ᠎ᠠ ᠶᠠᠷᠢᠪᠠ᠃

    ᠰᠦᠨ ᠸᠸᠢ ᠳ᠋ᠦᠩ᠄《 3 ᠵᠢᠯ ᠤᠨ ᠡᠮᠦᠨ᠎ᠠ ᠦᠪᠦᠷ ᠮᠣᠩᠭᠣᠯ ᠤᠨ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭ᠎ᠠ ᠰᠠᠶ᠊ᠢ ᠡᠬᠢᠯᠡᠨ ᠳᠡᠯᠭᠡᠷᠡᠵᠤ᠂ ᠭᠤᠤᠯᠳᠠᠭᠤ ᠠᠵᠤ ᠠᠬᠤᠶᠢᠯᠠᠯ ᠤᠳ ᠦᠪᠡᠷ ᠢᠶᠡᠨ ᠬᠢᠵᠤ ᠪᠠᠶᠢᠭᠰᠠᠨ᠃ 2015 ᠤᠨ ᠡᠴᠡ ᠨᠠᠰᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭᠠᠨ ᠤ ᠨᠡᠶᠢᠲᠡ ᠶᠢᠨ ᠦᠢᠯᠡᠴᠢᠯᠡᠭᠡᠨ ᠤ ᠰᠢᠰᠲ᠋ᠸᠮ ᠢ ᠢᠳᠡᠪᠬᠢᠲᠠᠢ ᠲᠦᠯᠬᠢᠨ ᠠᠬᠢᠭᠤᠯᠵᠤ ᠪᠠᠶᠢᠭᠤᠯᠤᠨ᠂ ᠬᠦᠳᠡᠭᠡ ᠲᠤᠰᠬᠤᠨ ᠤ ᠴᠠᠬᠢᠮ ᠬᠤᠳᠠᠯᠳᠤᠭᠠᠨ ᠤ ᠭᠤᠤᠯ ᠴᠤᠭᠴᠠ ᠂ ᠦᠢᠯᠡᠴᠢᠯᠡᠭᠡᠨ ᠤ ᠠᠵᠤ ᠠᠬᠤᠶᠢᠯᠠᠯ ᠪᠤᠯᠤᠨ ᠪᠦᠰᠡ ᠨᠤᠲᠤᠭ ᠤᠨ ᠴᠢᠨᠠᠷᠲᠠᠢ ᠬᠦᠳᠡᠭᠡ ᠲᠤᠰᠭᠤᠨ ᠤ ᠴᠠᠬᠢᠮ ᠬᠤᠳᠠᠯᠳᠤᠭᠠᠨ ᠤ ᠨᠡᠶᠢᠭᠡᠮᠯᠢᠭ᠌ ᠵᠡᠷᠭᠡ ᠠᠵᠢᠯ ᠲᠦᠷᠦᠯ ᠤᠨ ᠵᠤᠬᠢᠶᠠᠨ ᠪᠠᠶᠢᠭᠤᠯᠤᠯᠲᠠ ᠶᠢ ᠪᠤᠢ ᠪᠤᠯᠭᠠᠵᠤ᠂ ᠤᠯᠠᠨ ᠶᠠᠩᠵᠤ ᠶᠢᠨ ᠴᠠᠬᠢᠮ ᠬᠤᠳᠠᠯᠳᠤᠭᠠᠨ ᠤ ᠪᠤᠯᠪᠠᠰᠤᠷᠠᠯ ᠡᠷᠬᠢᠯᠠᠵᠤ ᠦᠨᠳᠦᠰᠦᠲᠡᠨ ᠱᠠᠲᠤᠨ ᠤ ᠵᠠᠰᠠᠭ ᠤᠨ ᠤᠷᠳᠤᠨ᠂ ᠲᠠᠷᠢᠶᠠᠯᠠᠩ ᠤᠨ ᠶᠠᠪᠤᠳᠠᠯ ᠳᠤ ᠬᠤᠯᠪᠤᠭᠳᠠᠬᠤ ᠠᠵᠤ ᠠᠬᠤᠶᠢᠯᠠᠯ ᠵᠢᠴᠢ ᠲᠠᠷᠢᠶᠠᠴᠢᠳ ᠢ ᠲᠦᠭᠡᠮᠡᠯᠵᠢᠭᠦᠯᠬᠦ ᠬᠡᠷᠡᠭᠯᠡᠭᠡᠨ ᠤ ᠴᠠᠬᠢᠮ ᠬᠤᠳᠠᠯᠳᠤᠭᠠᠨ ᠤ ᠴᠢᠳᠠᠪᠬᠢ ᠵᠡᠷᠭᠡ ᠶᠢ ᠳᠡᠭᠡᠭ᠍ᠰᠢᠯᠡᠭᠦᠯᠬᠦ ᠶᠢᠨ ᠬᠠᠮᠲᠤ《 ᠬᠦᠳᠡᠭᠡ ᠲᠤᠰᠭᠤᠨ ᠤ ᠴᠠᠬᠢᠮ ᠬᠤᠳᠠᠯᠳᠤᠭ᠎ᠠ ᠶᠢᠨ ᠬᠦᠭ᠍ᠵᠢᠯᠲᠠ ᠶᠢ ᠠᠬᠢᠭᠤᠯᠬᠤ ᠬᠡᠷᠡᠭᠵᠢᠭᠦᠯᠬᠦ ᠰᠠᠨᠠᠯ》 ᠢ᠋ ᠲᠤᠭᠲᠠᠭᠠᠨ ᠠ ᠯᠢ᠂ ᠵᠢᠩ ᠳ᠋ᠦᠩ ᠂ ᠰᠦ ᠨᠢᠩ᠂ ᠰᠢᠤᠳᠠᠨ ᠵᠡᠷᠭᠡ ᠲᠠᠪᠴᠠᠩ ᠢ ᠲᠠᠲᠠᠨ ᠤᠷᠤᠭᠤᠯᠵᠤ ᠰᠢᠶᠠᠨ ᠤ ᠪᠦᠰᠡ ᠨᠤᠲᠤᠭ ᠤᠨ ᠴᠠᠬᠢᠮ ᠬᠤᠳᠠᠯᠳᠤᠭᠠᠨ ᠤ ᠡᠵᠡᠩᠨᠡᠯᠲᠡ ᠶᠢᠨ ᠭᠤᠤᠯ ᠴᠤᠭᠴᠠ ᠶᠢ ᠬᠦᠴᠦᠷᠭᠡᠭ᠍ᠵᠢᠭᠦᠯᠪᠠ᠃ ᠤᠳᠤᠬᠠᠨ ᠳᠤ ᠨᠡᠶᠢᠲᠡ 10 ᠲᠦᠮᠡᠨ ᠬᠦᠮᠦᠨ ᠤ ᠠᠵᠢᠯ ᠤᠯᠭᠤᠯᠲᠠ ᠶᠢ ᠳᠠᠶᠢᠴᠢᠯᠠᠵᠤ᠂ ᠬᠦᠳᠡᠭᠡ ᠤᠷᠤᠨ ᠨᠤᠲᠤᠭ ᠤᠨ ᠴᠠᠬᠢᠮ ᠬᠤᠳᠠᠯᠳᠤᠭᠠᠨ ᠤ ᠬᠦᠭ᠍ᠵᠢᠯᠲᠠ ᠶᠢᠨ ᠦᠷᠨᠢᠯᠳᠠ ᠢᠢ ᠳᠡᠭᠳᠡᠭᠡᠪᠡ᠃

    《 ᠴᠠᠬᠢᠮ ᠬᠤᠳᠠᠯᠳᠤᠭᠠᠨ ᠤ ᠲᠦᠷᠭᠡᠨ ᠬᠦᠭ᠍ᠵᠢᠯᠲᠠ ᠨᠢ ᠨᠡᠷᠡᠲᠤ ᠰᠢᠯᠢᠳᠡᠭ ᠤᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢ ᠤᠯᠤᠰ ᠳᠠᠶᠠᠭᠠᠷ᠂ ᠳᠡᠯᠡᠬᠡᠢ ᠋ᠳ᠋ᠠᠬᠢᠨ ᠳᠤ ᠬᠦᠷᠭᠡᠬᠦ ᠶᠢ ᠠᠬᠢᠭᠤᠯᠪᠠ》 ᠭᠡᠵᠤ ᠦᠪᠦᠷ ᠮᠣᠩᠭᠣᠯ ᠤᠨ ᠪᠶᠠᠨᠨᠠᠭᠤᠷ ᠬᠤᠲᠠ ᠶᠢᠨ ᠳᠠᠷᠤᠭ᠎ᠠ ᠵᠠᠩ ᠰᠢᠶᠤᠤ ᠪᠢᠩ ᠶᠡᠷᠢᠯ᠎ᠠ᠂ ᠪᠠᠶᠠᠨᠨᠠᠭᠤᠷ ᠬᠤᠳᠠ ᠪᠤᠯ ᠤᠮᠠᠷᠠᠲᠤ ᠦᠷᠭᠡᠷᠢᠭ᠌ ᠤᠨ 40 ᠭᠷᠠᠳ᠋ᠦ᠋ᠰ ᠤᠨ ᠲᠠᠷᠢᠶ᠎ᠠ ᠲᠠᠷᠢᠬᠤ ᠰᠢᠵᠢᠷ ᠠᠯᠲᠠᠨ ᠪᠦᠰᠠ ᠳᠤ ᠪᠠᠶᠢᠷᠢᠯᠠᠳᠠᠭ ᠤᠯᠤᠰ ᠤᠨ ᠬᠦᠨᠳᠤ ᠴᠢᠬᠤᠯᠠ ᠬᠤᠳᠠᠯᠳᠤᠭᠠᠨ ᠤ ᠠᠮᠤ ᠲᠤᠰᠤ ᠪᠤᠯᠪᠠᠰᠤᠷᠠᠭᠤᠯᠬᠤ ᠰᠠᠭᠤᠷᠢᠨ ᠵᠢᠴᠢ ᠪᠤᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠸᠷᠢᠶᠠᠯ ᠤᠨ ᠰᠠᠭᠤᠷᠢᠨ᠂ ᠪᠠᠰᠠ ᠴᠤ ᠤᠯᠤᠰ ᠳᠠᠶᠠᠭᠠᠷ ᠤᠨ ᠬᠠᠮᠤᠭ ᠤᠨ ᠲᠤᠮᠤ ᠤᠷᠭᠠᠨᠢᠭ ᠲᠦᠬᠦᠬᠡᠢ ᠰᠦ᠋ ᠶᠢᠨ ᠰᠠᠭᠤᠷᠢᠨ᠂ ᠰᠤᠷ ᠦᠭᠡᠢ ᠨᠤᠤᠯᠤᠷ ᠪᠤᠯᠪᠠᠰᠤᠷᠠᠭᠤᠯᠬᠤ ᠰᠠᠭᠤᠷᠢᠨ᠂ ᠤᠰᠤ ᠦᠭᠡᠶᠢᠵᠢᠭᠦᠯᠦᠭᠰᠡᠨ ᠨᠤᠭᠤᠭ᠎ᠠ ᠦᠢᠯᠡᠳᠪᠦᠷᠢᠯᠡᠬᠦ ᠰᠠᠭᠤᠷᠢᠨ᠂ ᠨᠠᠷᠠᠨ ᠬᠤᠸᠠᠷ ᠤᠨ ᠭᠠᠷᠤᠯᠲᠠ ᠪᠤᠯᠪᠠᠰᠤᠷᠠᠭᠤᠯᠬᠤ ᠰᠠᠭᠤᠷᠢᠨ ᠮᠦᠨ᠃ ᠰᠡᠭᠦᠯ ᠤᠨ ᠵᠢᠯ ᠤᠳ ᠲᠤ᠂ ᠴᠠᠬᠢᠮ ᠬᠤᠳᠠᠯᠳᠤᠭ᠎ᠠ ᠶᠢ ᠬᠦᠳᠡᠭᠡ ᠤᠷᠤᠨ ᠨᠤᠲᠤᠭ ᠤᠨ ᠬᠠᠩᠭ᠋ᠠᠯᠭ᠎ᠠ ᠬᠡᠷᠡᠭᠴᠡᠭᠡᠨ ᠤ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠤᠯᠤᠨ ᠶᠠᠳᠠᠭᠤ ᠡᠴᠡ ᠠᠩᠭᠢᠵᠢᠷᠠᠬᠤ ᠴᠢᠬᠤᠯᠠ ᠠᠷᠭ᠎ᠠ ᠠᠪᠴᠠᠯ ᠢᠶᠡᠷ ᠦᠵᠡᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢᠨ ᠭᠦᠢᠯᠭᠡᠭᠡᠨ ᠤ ᠰᠢᠨ᠎ᠠ ᠭᠠᠷᠴᠠ ᠶᠢ ᠦᠷᠭᠡᠳᠭᠡᠭ᠍ᠰᠡᠨ ᠢᠶᠡᠷ ᠴᠠᠬᠢᠮ ᠬᠤᠳᠠᠯᠳᠤᠭ᠎ᠠ ᠨᠢ ᠲᠠᠷᠢᠶᠠᠯᠠᠩ ᠮᠠᠯ ᠠᠵᠤ ᠠᠬᠤᠢ ᠶᠢᠨ ᠡᠳ᠋ ᠤᠨ ᠵᠠᠰᠠᠭ ᠤᠨ ᠬᠦᠭ᠍ᠵᠢᠯᠲᠠ ᠶᠢᠨ ᠰᠢᠨ᠎ᠠ ᠬᠦᠳᠡᠯᠭᠡᠬᠦᠷ ᠪᠤᠯᠵᠠᠢ᠃ ᠬᠤᠲᠠ ᠳᠠᠶᠠᠭᠠᠷ ᠤᠨ ᠴᠠᠬᠢᠮ ᠬᠤᠳᠠᠯᠳᠤᠭᠠᠨ ᠤ ᠠᠵᠤ ᠠᠬᠤᠶᠢᠯᠠᠯ 3 ᠵᠢᠯ ᠤᠨ ᠡᠮᠦᠨ᠎ᠠ 100 ᠭᠠᠷᠤᠢ ᠪᠠᠶᠢᠭᠰᠠᠨ ᠡᠴᠡ ᠤᠳᠤ 1148 ᠳᠤ ᠬᠦᠷᠴᠤ᠂ ᠴᠠᠬᠢᠮ ᠬᠤᠳᠠᠯᠳᠤᠭᠠᠨ ᠤ ᠠᠷᠠᠯᠵᠢᠶᠠᠨ ᠤ ᠦᠷᠲᠡᠭ 1 ᠳ᠋ᠦᠩᠰᠢᠭᠤᠷ ᠲᠦᠬᠦᠷᠢᠭ᠌ ᠬᠦᠷᠬᠦ ᠦᠭᠡᠢ ᠪᠠᠶᠢᠭᠰᠠᠨ ᠡᠴᠡ ᠨᠢᠳᠤᠨᠤᠨ ᠨᠢᠭᠡᠨᠲᠠ 32 ᠳ᠋ᠦᠩᠰᠢᠭᠤᠷ ᠲᠦᠬᠦᠷᠢᠭ᠌ ᠲᠤ ᠬᠦᠷᠪᠠ᠂ ᠲᠦᠷᠦᠭᠦᠦ ᠬᠠᠭᠠᠰ ᠵᠢᠯ ᠳᠤ᠂ ᠤᠷᠤᠨ ᠳᠠᠶᠠᠭᠠᠷ ᠤᠨ ᠴᠠᠬᠢᠮ ᠬᠤᠳᠠᠯᠳᠤᠭᠠᠨ ᠤ ᠠᠷᠠᠯᠵᠢᠶᠠᠨ ᠤ ᠦᠷᠲᠡᠭ 19.82 ᠳ᠋ᠦᠩᠰᠢᠭᠤᠷ ᠲᠦᠬᠦᠷᠢᠭ᠌ ᠲᠤ ᠬᠦᠷᠴᠤ᠂ ᠲᠠᠷᠢᠶᠠᠯᠠᠩ ᠮᠠᠯ ᠠᠵᠤ ᠠᠬᠤᠢ ᠶᠢᠨ ᠦᠷᠲᠡᠭ ᠢ ᠨᠡᠮᠡᠭᠳᠡᠭᠦᠯᠤᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121492123