蒙古文网站Logo
ᠰᠢᠨᠬᠤᠸᠠ ᠮᠤᠩᠭ᠋ᠤᠯ ᠨᠧᠲ

2017 ᠤᠨ ᠤ ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠬᠤᠪᠤᠷ ᠰᠢᠷᠦᠢ ᠶᠢᠨ ᠡᠺᠰᠫᠤᠷᠲ᠋ᠯᠠᠭᠰᠠᠨ ᠬᠡᠮᠵᠢᠶ᠎ᠠ 5000 ᠲᠤᠨ ᠢ ᠳᠠᠪᠠᠪᠠ

2017-08-17 11:42

    ᠬᠦᠬᠡᠬᠤᠲᠠ ᠪᠤᠭᠤᠮᠲᠠ ᠶᠢᠨ 16 ᠤ ᠡᠳᠦᠷ ᠤᠨ ᠮᠡᠳᠡᠭᠡ ᠶᠢ ᠦᠨᠳᠦᠰᠦᠯᠡᠪᠡᠯ᠂ 2017 ᠤᠨ ᠤ ᠲᠦᠷᠦᠭᠦᠦ ᠬᠠᠭᠠᠰ ᠵᠢᠯ ᠳᠤ ᠦᠪᠦᠷ ᠮᠣᠩᠭᠣᠯ ᠤᠨ ᠬᠤᠪᠤᠷ ᠰᠢᠷᠦᠢ ᠶᠢᠨ ᠡᠺᠰᠫᠤᠷᠲ᠋ᠯᠠᠭᠰᠠᠨ ᠬᠡᠮᠵᠢᠶ᠎ᠠ 5029.9 ᠲᠤᠨ ᠳᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 1.3 ᠲᠠᠬᠢᠨ ᠢᠶᠡᠷ ᠨᠡᠮᠡᠭᠳᠡᠵᠤ᠂ ᠦᠷᠲᠡᠭ ᠨᠢ 1.3 ᠳ᠋ᠦᠩᠰᠢᠭᠤᠷ ᠲᠦᠬᠦᠷᠢᠭ᠌ ᠲᠤ ᠬᠦᠷᠴᠤ᠂ 26.5% ᠪᠡᠷ ᠨᠡᠮᠡᠭᠳᠡᠪᠠ᠃ ᠡᠺᠰᠫᠤᠷᠲ᠋ᠯᠠᠬᠤ ᠳᠤᠮᠳᠠᠴᠢ ᠦᠨ᠎ᠠ ᠨᠢ ᠲᠤᠨ ᠪᠦᠷᠢ ᠳᠤ ᠪᠡᠨ 2.6 ᠲᠦᠮᠡᠨ ᠲᠦᠬᠦᠷᠢᠭ᠌᠂ 44.2% ᠢᠶᠡᠷ ᠪᠠᠭᠤᠷᠠᠵᠠᠢ᠃

    ᠬᠦᠬᠡᠬᠤᠲᠠ ᠪᠤᠭᠤᠮᠲᠠ ᠶᠢᠨ ᠪᠦᠷᠢᠳᠭᠡᠭ᠍ᠰᠡᠨ ᠢᠶᠡᠷ᠂ ᠲᠦᠷᠦᠭᠦᠦ ᠬᠠᠭᠠᠰ ᠵᠢᠯ ᠦᠪᠦᠷ ᠮᠣᠩᠭᠣᠯ ᠤᠨ ᠬᠤᠪᠤᠷ ᠰᠢᠷᠦᠢ ᠶᠢ ᠶᠠᠫᠤᠨ ᠳᠤ ᠡᠺᠰᠫᠤᠷᠲ᠋ᠯᠠᠭᠰᠠᠨ ᠬᠡᠮᠵᠢᠶ᠎ᠠ ᠬᠠᠮᠤᠭ ᠤᠨ ᠶᠡᠬᠡ᠂ ᠠᠮᠸᠷᠢᠺᠡ ᠪᠤᠯᠤᠨ ᠬᠤᠨᠯᠠᠨᠳ᠋ ᠲᠤ ᠡᠺᠰᠫᠤᠷᠲ᠋ᠯᠠᠬᠤ ᠬᠡᠮᠵᠢᠶ᠎ᠠ ᠶᠡᠬᠡ ᠨᠡᠮᠡᠭᠳᠡᠵᠤ᠂ ᠤᠷᠤᠰ ᠲᠤ ᠡᠺᠰᠫᠤᠷᠲ᠋ᠯᠠᠬᠤ ᠬᠡᠮᠵᠢᠶᠠᠨ ᠤ ᠨᠡᠮᠡᠭᠳᠡᠯ ᠬᠠᠮᠤᠭ ᠤᠨ ᠶᠡᠬᠡ ᠪᠠᠶᠢᠪᠠ᠃

    ᠬᠦᠬᠡᠬᠤᠲᠠ ᠪᠤᠭᠤᠮᠲᠠ ᠶᠢᠨ ᠮᠡᠳᠡᠭᠡᠨ ᠳᠤ᠂ ᠲᠦᠷᠦᠭᠦᠦ ᠬᠠᠭᠠᠰ ᠵᠢᠯ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠶᠠᠫᠤᠨ ᠳᠤ ᠡᠺᠰᠫᠤᠷᠲ᠋ᠯᠠᠭᠰᠠᠨ ᠬᠤᠪᠤᠷ ᠰᠢᠷᠦᠢ 2510.3 ᠲᠤᠨ ᠳᠤ ᠬᠦᠷᠴᠤ᠂ 1.9 ᠲᠠᠬᠢᠨ ᠢᠶᠡᠷ ᠨᠡᠮᠡᠭᠳᠡᠨ᠂ ᠠᠳᠠᠯᠢ ᠬᠤᠭᠤᠴᠠᠭᠠᠨ ᠳᠡᠬᠢ ᠦᠪᠦᠷ ᠮᠣᠩᠭᠣᠯ ᠤᠨ ᠬᠤᠪᠤᠷᠢ ᠰᠢᠷᠦᠢ ᠶᠢ ᠡᠺᠰᠫᠤᠷᠲ᠋ᠯᠠᠬᠤ ᠬᠡᠮᠵᠢᠶᠠᠨ ᠤ 49.9% ᠶᠢ ᠡᠵᠡᠯᠡᠪᠡ᠃

    2015 ᠤᠨ ᠤ 1 ᠰᠠᠷ᠎ᠠ ᠶᠢᠨ 1 ᠤ ᠡᠳᠦᠷ ᠪᠤᠯᠤᠨ 5 ᠰᠠᠷ᠎ᠠ ᠶᠢᠨ 1 ᠤ ᠡᠳᠦᠷ ᠡᠴᠡ ᠡᠬᠢᠯᠡᠨ᠂ ᠳᠤᠮᠳᠠᠳᠤ ᠤᠯᠤᠰ ᠬᠤᠪᠤᠷ ᠰᠢᠷᠦᠢ ᠶᠢ ᠡᠺᠰᠫᠤᠷᠲ᠋ᠯᠠᠬᠤ ᠬᠢᠵᠠᠭᠠᠷ ᠤᠨ ᠬᠠᠮᠢᠶᠠᠷᠤᠯᠲᠠ ᠪᠤᠯᠤᠨ ᠡᠺᠰᠫᠤᠷᠲ᠋ᠯᠠᠬᠤ ᠭᠠᠶᠢᠯᠢ ᠶᠢ ᠦᠭᠡᠶᠢᠰᠭᠡᠵᠤ᠂ ᠬᠤᠪᠤᠷ ᠰᠢᠷᠦᠢ ᠶᠢ ᠡᠺᠰᠫᠤᠷᠲ᠋ᠯᠠᠬᠤ ᠬᠤᠷᠢᠭ᠎᠎ᠠ ᠶᠢ ᠰᠤᠯᠠᠷᠠᠭᠤᠯᠤᠭᠰᠠᠨ ᠡᠴᠡ ᠦᠩᠭᠡᠷᠡᠭᠰᠡᠨ ᠳᠤ ᠨᠤᠭᠲᠠᠯ ᠦᠭᠡᠢ ᠪᠠᠶᠢᠭᠰᠠᠨ ᠠᠷᠠᠳ ᠡᠴᠡ ᠡᠵᠡᠩᠨᠡᠭᠰᠡᠨ ᠳᠤᠮᠳᠠ ᠵᠢᠵᠢᠭ᠌ ᠠᠵᠤ ᠠᠬᠤᠶᠢᠯᠠᠯ ᠤᠨ ᠦᠢᠯᠡᠳᠪᠦᠷᠢᠯᠡᠬᠦ ᠪᠤᠯᠤᠨ ᠡᠺᠰᠫᠤᠷᠲ᠋ᠯᠠᠬᠤ ᠢᠳᠡᠪᠬᠢᠵᠢᠯ ᠶᠡᠬᠡᠪᠡᠷ ᠨᠡᠮᠡᠭᠳᠡᠵᠤ᠂ ᠤᠤᠯ ᠤᠨ ᠶᠡᠬᠡ ᠬᠡᠮᠵᠢᠶᠠᠨ ᠤ ᠬᠡᠪ ᠤᠨ ᠪᠤᠰᠤ ᠠᠷᠭ᠎ᠠ ᠵᠠᠮ ᠢᠶᠡᠷ ᠡᠺᠰᠫᠤᠷᠲ᠋ᠯᠠᠳᠠᠭ ᠪᠠᠶᠢᠭᠰᠠᠨ ᠬᠤᠪᠤᠷ ᠰᠢᠷᠤᠢ ᠶᠢ ᠤᠳᠤ ᠴᠦᠮ ᠵᠦᠪ ᠵᠠᠮ ᠢᠶᠡᠷ ᠡᠺᠰᠫᠤᠷᠲ᠋ᠯᠠᠬᠤ ᠪᠤᠯᠵᠠᠢ᠃

    ᠡᠺᠰᠫᠤᠷᠲ᠋ᠯᠠᠬᠤ ᠬᠢᠵᠠᠭᠠᠷ ᠤᠨ ᠬᠠᠮᠢᠶᠠᠷᠤᠯᠲᠠ᠂ ᠡᠺᠰᠫᠤᠷᠲ᠋ᠯᠠᠬᠤ ᠭᠠᠶᠢᠯᠢ ᠶᠢ ᠦᠭᠡᠶᠢᠰᠭᠡᠭ᠍ᠰᠡᠨ ᠪᠠ ᠠᠵᠤ ᠠᠬᠤᠶᠢᠯᠠᠯ ᠤᠨ ᠡᠺᠰᠫᠤᠷᠲ᠋ᠯᠠᠬᠤ ᠡᠷᠡᠮᠡᠯᠵᠡᠯ ᠨᠡᠮᠡᠭᠳᠡᠭᠰᠡᠨ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠦᠷᠦᠭᠦᠦ ᠬᠠᠭᠠᠰ ᠵᠢᠯ ᠤᠨ ᠬᠤᠪᠤᠷ ᠰᠢᠷᠤᠢ ᠶᠢ ᠡᠺᠰᠫᠤᠷᠲ᠋ᠯᠠᠬᠤ ᠬᠡᠮᠵᠢᠶ ᠠ ᠨᠡᠮᠡᠭᠳᠡᠭᠰᠡᠨ ᠤ ᠴᠢᠬᠤᠯᠠ ᠰᠢᠯᠲᠠᠭᠠᠨ ᠪᠤᠯᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121498499